ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠵᠥᠩ ᠭᠤᠸᠠᠩ ᠴᠥᠮ᠎ᠡ ᠵᠢᠨ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠋ᠠᠨ᠎ᠤ 200MW ᠭᠡᠷᠡᠯ ᠸᠣᠯᠲ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-10-31

ᠵᠥᠩ ᠭᠤᠸᠠᠩ ᠴᠥᠮ᠎ᠡ ᠵᠢᠨ (ᠬᠢᠩᠭ᠋ᠠᠨ ᠠᠶ᠋ᠢᠮᠠᠭ) ᠴᠡᠪᠡᠷ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠲᠦᠴᠢᠦᠸᠠᠨ ᠰᠢᠶᠠᠨ᠎ᠤ ᠬᠤᠪᠢᠶᠠᠷᠢ ᠺᠣᠮᠫᠠᠨᠢ᠎ᠳᠤ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠵᠥᠩ ᠭᠤᠸᠠᠩ ᠴᠥᠮ᠎ᠡ ᠵᠢᠨ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠋ᠠᠨ᠎ᠤ 200MW ᠭᠡᠷᠡᠯ ᠸᠣᠯᠲ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
      220kV ᠵᠢᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢ ᠰᠢᠨ᠎ᠡ᠎ᠪᠠᠷ ᠪᠠᠢ᠌ᠭᠤᠯᠵᠤ᠂ 1×200MVA ᠵᠢᠨ ᠭᠣᠣᠯ ᠬᠦᠴᠦᠳᠡᠯ ᠥᠭᠡᠷᠡᠴᠢᠯᠡᠭᠴᠢ᠂ 220kV ᠵᠢᠨ ᠴᠠᠬᠢᠯᠭ᠋ᠠᠨ ᠭᠠᠳᠠᠭᠰᠢᠯᠠᠭᠤᠯᠬᠤ ᠨᠢᠭᠡ ᠬᠡᠯᠬᠢᠶ᠎ᠡ ᠱᠤᠭᠤᠮ᠎ᠢ ᠪᠠᠢ᠌ᠭᠤᠯᠤᠨ᠎ᠠ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠬᠢᠯᠢ ᠳᠣᠲᠣᠷ᠎ᠠ ᠪᠤᠢ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯ᠎ᠤᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014) ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠡᠵᠡᠩᠨᠡᠯᠲᠡ ᠵᠢᠨ ᠬᠤᠭᠤᠴᠠᠭ᠋ᠠᠨ᠎ᠳᠠᠬᠢ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠠᠮᠢᠳᠤᠷᠠᠯ᠎ᠤᠨ ᠪᠣᠬᠢᠷ ᠤᠰᠤ ᠵᠢ ᠢᠯᠭ᠋ᠠᠳᠠᠰᠤᠨ ᠲᠠᠲᠠᠭ᠋ᠠᠯ ᠵᠢᠴᠢ ᠭᠠᠵᠠᠷ᠎ᠲᠤ ᠪᠤᠯᠠᠬᠤ ᠮᠠᠶᠢᠭ᠎ᠤᠨ ᠨᠢᠭᠡ ᠴᠣᠭᠴᠠᠵᠢᠭᠤᠯᠤᠭᠰᠠᠨ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ᠎ᠪᠠᠷ ᠰᠢᠢ᠍ᠳᠪᠦᠷᠢᠯᠡᠭᠰᠡᠨ᠎ᠤ ᠳᠠᠷᠠᠭ᠎ᠠ᠂ ᠵᠣᠨ᠎ᠤ ᠤᠯᠠᠷᠢᠯ᠎ᠳᠤ ᠲᠠᠯᠠᠪᠠᠶ ᠵᠢᠨ ᠳᠣᠲᠣᠷᠠᠬᠢ ᠤᠰᠤ ᠰᠦᠷᠴᠢᠵᠦ ᠲᠣᠭᠣᠰᠣ ᠵᠢ ᠬᠣᠷᠢᠭᠯᠠᠬᠤ᠎ᠳᠤ ᠬᠡᠷᠡᠭᠯᠡᠵᠦ᠂ ᠡᠪᠦᠯ᠎ᠤᠨ ᠤᠯᠠᠷᠢᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠴᠡᠪᠡᠷᠯᠡᠨ ᠲᠡᠭᠡᠭᠡᠪᠦᠷᠢᠯᠡᠨ᠎ᠡ᠃ ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠦᠴᠦᠳᠡᠯ ᠥᠭᠡᠷᠡᠴᠢᠯᠡᠭᠴᠢ ᠵᠢᠨ ᠲᠣᠰᠣ᠂ ᠬᠠᠶᠠᠭᠳᠠᠮᠠᠯ ᠬᠡᠯᠬᠢᠶ᠎ᠡ ᠴᠡᠨᠡᠭ ᠵᠡᠷᠭᠡ ᠵᠢ ᠪᠥᠬᠥᠳᠡ ᠵᠢ ᠡᠭᠡᠭᠦᠯᠦᠨ ᠬᠤᠷᠢᠶᠠᠬᠤ ᠬᠡᠷᠡᠭᠲᠡᠶ᠂ ᠬᠡᠷᠪᠡ ᠪᠥᠬᠥᠳᠡ ᠵᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰ᠎ᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠬᠠᠷᠠᠭ᠋ᠠᠯᠵᠠᠭᠰᠠᠨ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃
      (ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠳᠦᠷᠦᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
      ᠲᠠᠪᠤ᠂ ᠮᠠᠨ᠎ᠤ ᠲᠢᠩᠬᠢᠮ᠎ᠠᠴᠠ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                     2024 ᠣᠨ᠎ᠤ 8 ᠰᠠᠷ᠎ᠠ ᠵᠢᠨ 21 ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠦᠩ ᠭᠤᠸᠠᠩ ᠴᠥᠮ᠎ᠡ ᠵᠢᠨ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠋ᠠᠨ᠎ᠤ 300MW ᠭᠡᠷᠡᠯ ᠸᠣᠯᠲ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠴᠣᠬᠣᠯᠠᠪᠤᠷᠢ
ᠤᠷᠠᠳ᠎ᠤᠨ ᠳᠤᠮᠳᠠᠳᠤ ᠬᠣᠰᠢᠭᠤᠨ᠎ᠤ ᠮᠧᠩ ᠨᠧᠩ᠎ᠤᠨ 150 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ 220 ᠺᠢᠯᠣᠸᠠᠲ ᠵᠶ᠋ᠠᠷ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠤᠯᠠᠭ᠋ᠠᠨᠬᠠᠳᠠ ᠬᠣᠲᠠ ᠵᠢᠨ 200 ᠲᠦᠮᠡᠨ ᠺᠢᠯᠣᠸᠠᠲ᠎ᠤᠨ ᠥᠪᠡᠰᠦᠪᠡᠨ ᠪᠠᠢ᠌ᠭᠤᠯᠤᠭᠰᠠᠨ ᠣᠷᠭᠢᠯ ᠦᠶ᠎ᠡ ᠵᠢ ᠲᠣᠬᠢᠷᠠᠭᠤᠯᠬᠤ ᠴᠢᠳᠠᠪᠤᠷᠢ ᠵᠢᠨ ᠰᠠᠯᠬᠢ ᠬᠡᠷᠡᠯ ᠨᠥᠭᠡᠴᠡᠯᠡᠬᠦ ᠤᠯᠠᠨ ᠴᠢᠳᠠᠪᠤᠷᠢ ᠵᠢᠨ ᠬᠠᠷᠢᠯᠴᠠᠨ ᠨᠥᠬᠥᠪᠦᠷᠢᠯᠡᠵᠦ ᠨᠢᠭᠡ ᠴᠣᠭᠴᠠᠵᠢᠭᠤᠯᠬᠤ + ᠡᠯᠡᠰᠦᠷᠬᠡᠭᠵᠢᠯ᠎ᠢ ᠵᠠᠰᠠᠬᠤ ᠰᠠᠭᠤᠷᠢᠨ ᠭᠠᠵᠠᠷ (ᠣᠩᠨᠢᠭᠤᠳ ᠬᠣᠰᠢᠭᠤᠨ᠎ᠤ 50 ᠲᠦᠮᠡᠨ ᠺᠢᠯᠣᠸᠠᠲ᠎ᠤᠨ ᠭᠡᠷᠡᠯ ᠸᠣᠯᠲ᠎ᠤᠨ ᠲᠥᠷᠥᠯ ᠵᠦᠢ᠍ᠯ᠎ᠤᠨ ᠲᠣᠭᠣᠷᠢᠭ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠪ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ ᠵᠢ ᠤᠷᠢᠳᠴᠢᠯᠠᠨ ᠵᠦᠪᠰᠢᠶᠡᠷᠴᠦ ᠳᠡᠮᠵᠢᠬᠦ᠎ᠪᠠᠷ ᠪᠠᠢ᠌ᠭ᠎ᠠ ᠲᠥᠷᠥᠯ ᠵᠦᠢ᠍ᠯ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠣᠰᠢᠭᠤᠨ᠎ᠤ 500 ᠺᠢᠯᠣᠸᠠᠲ᠎ᠤᠨ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号