ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠣᠰᠢᠭᠤᠨ᠎ᠤ 500 ᠺᠢᠯᠣᠸᠠᠲ᠎ᠤᠨ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-12-20

ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠤᠯᠠᠭ᠋ᠠᠨᠬᠠᠳᠠ ᠵᠢᠨ ᠴᠠᠬᠢᠯᠭ᠋ᠠᠨ ᠬᠠᠩᠭ᠋ᠠᠬᠤ ᠺᠣᠮᠫᠠᠨᠢ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠣᠰᠢᠭᠤᠨ᠎ᠤ 500 ᠺᠢᠯᠣᠸᠠᠲ᠎ᠤᠨ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》 (ᠳᠣᠷᠣᠭᠰᠢ 《ᠮᠡᠳᠡᠭᠦᠯᠦᠯᠲᠡ ᠵᠢᠨ ᠪᠢᠴᠢᠭ》 ᠭᠡᠵᠦ ᠲᠣᠪᠴᠢᠯᠠᠨ᠎ᠠ)᠎ᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
      (ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ (1) ᠬᠡᠰᠢᠭᠲᠡᠨ ᠬᠣᠰᠢᠭᠤᠨ᠎ᠤ 500kV ᠵᠢᠨ ᠬᠦᠴᠦᠳᠡᠯ ᠥᠭᠡᠷᠡᠴᠢᠯᠡᠬᠦ ᠥᠷᠲᠡᠭᠡ ᠵᠢ ᠰᠢᠨ᠎ᠡ᠎ᠪᠠᠷ ᠪᠠᠢ᠌ᠭᠤᠯᠵᠤ᠂ 1 ᠰᠠᠭᠤᠷᠢ ᠭᠣᠣᠯ ᠬᠤᠪᠢᠰᠬᠠᠭᠤᠷ (ᠪᠠᠭᠲᠠᠭ᠋ᠠᠮᠵᠢ᠎ᠨᠢ 1×1200MVA)᠂ 500kV ᠵᠢᠨ ᠴᠠᠬᠢᠯᠭ᠋ᠠᠨ ᠭᠠᠷᠭ᠋ᠠᠬᠤ 1 ᠬᠡᠯᠬᠢᠶ᠎ᠡ᠂ 220kV ᠵᠢᠨ ᠴᠠᠬᠢᠯᠭ᠋ᠠᠨ ᠭᠠᠷᠭ᠋ᠠᠬᠤ 4 ᠬᠡᠯᠬᠢᠶ᠎ᠡ ᠵᠢ ᠪᠠᠢ᠌ᠭᠤᠯᠤᠨ᠎ᠠ᠃ (2) ᠪᠠᠭ᠋ᠠᠷᠢᠨ᠎ᠤ 500kV ᠬᠦᠴᠦᠳᠡᠯ ᠥᠭᠡᠷᠡᠴᠢᠯᠡᠬᠦ ᠥᠷᠲᠡᠭᠡ ᠵᠢᠨ 500kV ᠵᠢᠨ ᠴᠠᠬᠢᠯᠭ᠋ᠠᠨ ᠭᠠᠷᠭ᠋ᠠᠬᠤ 2 ᠬᠡᠯᠬᠢᠶ᠎ᠡ ᠵᠢ ᠦᠷᠭᠡᠳᠭᠡᠨ ᠪᠠᠢ᠌ᠭᠤᠯᠤᠨ᠎ᠠ᠃
      (ᠬᠣᠶᠠᠷ) ᠵᠠᠮ ᠱᠤᠭᠤᠮ᠎ᠤᠨ ᠪᠠᠷᠢᠯᠭ᠎ᠠ᠃ (1) ᠬᠡᠰᠢᠭᠲᠡᠨ ᠬᠣᠰᠢᠭᠤ — ᠪᠠᠭ᠋ᠠᠷᠢᠨ 500kV ᠵᠢᠨ ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠱᠤᠭᠤᠮ᠎ᠤᠨ ᠣᠷᠳᠣ᠎ᠨᠢ 85.5km᠂ ᠲᠠᠩ ᠬᠡᠯᠬᠢᠶ᠎ᠡ ᠵᠢ ᠠᠭ᠋ᠠᠷ᠎ᠲᠤ ᠲᠠᠲᠠᠵᠤ᠂ 202 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ᠃ (2) ᠪᠠᠶᠠᠨᠬᠤᠸᠠ — ᠪᠠᠭ᠋ᠠᠷᠢᠨ Ⅰ᠂ Ⅱ ᠳ᠋ᠤᠭ᠋ᠠᠷ ᠡᠭᠡᠯᠵᠢ ᠵᠢᠨ 500kV ᠵᠢᠨ ᠱᠤᠭᠤᠮ᠎ᠢ ᠥᠭᠡᠷᠡᠴᠢᠯᠡᠨ ᠵᠠᠯᠭ᠋ᠠᠬᠤ ᠪᠠᠷᠢᠯᠭ᠎ᠠ᠃ ᠪᠠᠶᠠᠨᠬᠤᠸᠠ — ᠪᠠᠭ᠋ᠠᠷᠢᠨ Ⅰ ᠱᠤᠭᠤᠮ᠎ᠤᠨ ᠥᠭᠡᠷᠡᠴᠢᠯᠡᠯᠲᠡ ᠵᠢᠨ ᠬᠡᠰᠡᠭ᠎ᠨᠢ ᠪᠠᠶᠠᠨᠬᠤᠸᠠ — ᠪᠠᠭ᠋ᠠᠷᠢᠨ Ⅰ ᠱᠤᠭᠤᠮ᠎ᠤᠨ# 352 ᠪᠠᠭ᠎ᠠ ᠨᠣᠮᠧᠷ᠎ᠤᠨ ᠬᠠᠵᠠᠭᠤ ᠵᠢᠨ 50 ᠮᠧᠲᠷ᠎ᠠᠴᠠ ᠡᠬᠢᠯᠡᠵᠦ᠂ ᠪᠠᠭ᠋ᠠᠷᠢᠨ ᠥᠷᠲᠡᠭᠡ᠎ᠳᠤ ᠬᠦᠷᠴᠦ᠂ ᠰᠢᠨ᠎ᠡ᠎ᠪᠠᠷ ᠪᠠᠢ᠌ᠭᠤᠯᠤᠭᠰᠠᠨ ᠱᠤᠭᠤᠮ᠎ᠤᠨ ᠤᠷᠳᠤ᠎ᠨᠢ 0.75 km ᠪᠠᠢ᠌ᠵᠤ᠂ ᠰᠢᠨ᠎ᠡ᠎ᠪᠠᠷ ᠪᠠᠢ᠌ᠭᠤᠯᠤᠭᠰᠠᠨ ᠲᠡᠯᠡᠯᠲᠡ᠎ᠳᠤ ᠲᠡᠰᠪᠦᠷᠢᠲᠡᠢ ᠰᠤᠪᠤᠷᠭ᠎ᠠ 3 ᠰᠠᠭᠤᠷᠢ ᠪᠠᠢ᠌ᠵᠤ᠂ ᠨᠤᠷᠠᠭ᠋ᠠᠬᠤ ᠬᠡᠰᠡᠭ᠎ᠤᠨ ᠱᠤᠭᠤᠮ᠎ᠤᠨ ᠤᠷᠳᠤ᠎ᠨᠢ 0.5 km ᠪᠠᠢ᠌ᠵᠤ᠂ 2 ᠰᠠᠭᠤᠷᠢ ᠲᠡᠮᠦᠷ ᠰᠤᠪᠤᠷᠭ᠎ᠠ ᠵᠢ ᠨᠤᠷᠠᠭ᠋ᠠᠨ᠎ᠠ; ᠪᠠᠶᠠᠨᠬᠤᠸᠠ — ᠪᠠᠭ᠋ᠠᠷᠢᠨ Ⅱ ᠱᠤᠭᠤᠮ᠎ᠤᠨ ᠥᠭᠡᠷᠡᠴᠢᠯᠡᠯᠲᠡ ᠵᠢᠨ ᠬᠡᠰᠡᠭ᠎ᠨᠢ ᠪᠠᠶᠠᠨᠬᠤᠸᠠ — ᠪᠠᠭ᠋ᠠᠷᠢᠨ Ⅱ ᠱᠤᠭᠤᠮ᠎ᠤᠨ #350 ᠪᠠᠭ᠎ᠠ ᠳ᠋ᠤᠭ᠋ᠠᠷ ᠨᠣᠮᠧᠷ᠎ᠤᠨ ᠬᠠᠵᠠᠭᠤ ᠵᠢᠨ 50 ᠮᠧᠲᠷ᠎ᠠᠴᠠ ᠡᠬᠢᠯᠡᠵᠦ᠂ ᠪᠠᠭ᠋ᠠᠷᠢᠨ ᠥᠷᠲᠡᠭᠡ᠎ᠳᠤ ᠬᠦᠷᠴᠦ᠂ ᠰᠢᠨ᠎ᠡ᠎ᠪᠠᠷ ᠪᠠᠢ᠌ᠭᠤᠯᠤᠭᠰᠠᠨ ᠱᠤᠭᠤᠮ᠎ᠤᠨ ᠤᠷᠳᠤ᠎ᠨᠢ 0.65km ᠪᠠᠢ᠌ᠵᠤ᠂ ᠲᠠᠩ ᠬᠡᠯᠬᠢᠶ᠎ᠡ ᠤᠲᠠᠰᠤ ᠵᠢ ᠲᠠᠲᠠᠵᠤ᠂ 3 ᠰᠠᠭᠤᠷᠢ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠵᠤ᠂ ᠨᠤᠷᠠᠭ᠋ᠠᠬᠤ ᠬᠡᠰᠡᠭ᠎ᠤᠨ ᠱᠤᠭᠤᠮ᠎ᠤᠨ ᠤᠷᠳᠤ᠎ᠨᠢ 0.4km ᠪᠠᠢ᠌ᠵᠤ᠂ 2 ᠰᠠᠭᠤᠷᠢ ᠲᠡᠮᠦᠷ ᠰᠤᠪᠤᠷᠭ᠎ᠠ ᠵᠢ ᠨᠤᠷᠠᠭ᠋ᠠᠨ᠎ᠠ᠃
      ᠲᠣᠰ ᠢᠨᠵᠧᠨᠧᠷᠢᠩ᠎ᠤᠨ ᠴᠠᠬᠢᠯᠭ᠋ᠠᠨ ᠬᠦᠷᠭᠡᠬᠦ ᠱᠤᠭᠤᠮ᠎ᠤᠨ ᠵᠠᠮ᠎ᠨᠢ ᠥᠪᠥᠷ ᠮᠣᠩᠭᠣᠯ᠎ᠤᠨ ᠳ᠋ᠠᠪᠠᠨ᠎ᠤ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠴᠡᠴᠡᠷᠯᠢᠭ ᠵᠶ᠋ᠠᠷ ᠵᠠᠢ᠌ᠯᠠᠵᠤ ᠪᠣᠯᠣᠰᠢ ᠦᠭᠡᠢ᠎ᠪᠠᠷ 9.3 km ᠲᠤᠭᠤᠯᠤᠨ ᠥᠩᠭᠡᠷᠡᠵᠦ᠂ 22 ᠰᠠᠭᠤᠷᠢ ᠰᠤᠪᠤᠷᠭ᠎ᠠ ᠪᠣᠰᠬᠠᠬᠤ ᠴᠢᠬᠤᠯᠠᠲᠠᠢ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠂ ᠯᠢᠨᠰᠢ ᠰᠢᠶᠠᠨ᠂ ᠪᠠᠭ᠋ᠠᠷᠢᠨ ᠪᠠᠷᠠᠭᠤᠨ ᠬᠣᠰᠢᠭᠤᠨ᠎ᠤ ᠬᠢᠯᠢ᠎ᠳᠤ ᠪᠤᠢ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠬᠤ ᠬᠡᠷᠡᠭᠲᠡᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠤᠨ 《ᠮᠡᠳᠡᠭᠦᠯᠦᠯᠲᠡ ᠵᠢᠨ ᠪᠢᠴᠢᠭ》᠎ᠲᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠥᠪᠥᠷ ᠮᠣᠩᠭᠣᠯ᠎ᠤᠨ ᠳ᠋ᠠᠪᠠᠨ᠎ᠤ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠵᠢᠨ ᠴᠡᠴᠡᠷᠯᠢᠭ ᠵᠢᠴᠢ ᠡᠷᠬᠢᠨ ᠲᠣᠭᠣᠷᠢᠨ᠎ᠤ ᠣᠷᠣᠨ ᠪᠦᠰᠡ ᠵᠢᠨ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢ᠍ᠯ᠎ᠤᠨ ᠪᠠᠷᠢᠯᠭ᠎ᠠ ᠬᠢᠬᠦ᠎ᠳᠡᠭᠡᠨ 《ᠮᠡᠳᠡᠭᠦᠯᠦᠯᠲᠡ ᠵᠢᠨ ᠪᠢᠴᠢᠭ》᠎ᠲᠤ ᠲᠣᠭᠲᠠᠭ᠋ᠠᠭᠰᠠᠨ ᠵᠠᠮ ᠱᠤᠭᠤᠮ᠎ᠤᠨ ᠴᠢᠭᠯᠡᠯ᠎ᠢ ᠴᠢᠩᠭ᠎ᠠ ᠵᠢᠷᠤᠮᠯᠠᠨ᠂ ᠰᠢᠨ᠎ᠡ ᠬᠣᠩᠭᠢᠯ᠎ᠢ ᠨᠡᠭᠡᠭᠡᠵᠦ ᠪᠣᠯᠬᠤ ᠦᠭᠡᠢ᠂ ᠣᠢ ᠰᠢᠭᠤᠢ ᠵᠢᠨ ᠴᠡᠴᠡᠷᠯᠢᠭ᠎ᠢ ᠰᠢᠨ᠎ᠡ᠎ᠪᠠᠷ ᠲᠤᠭᠤᠯᠤᠨ ᠥᠩᠭᠡᠷᠡᠬᠦ᠎ᠠᠴᠠ ᠵᠠᠢ᠌ᠯᠠᠰᠬᠢᠬᠦ ᠬᠡᠷᠡᠭᠲᠡᠶ᠃
      (ᠬᠣᠶᠠᠷ) 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠠᠵᠢᠯ᠎ᠤᠨ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯ᠎ᠤᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠡᠵᠡᠩᠨᠡᠯᠲᠡ ᠵᠢᠨ ᠬᠤᠭᠤᠴᠠᠭ᠋ᠠᠨ᠎ᠤ ᠬᠦᠴᠦᠳᠡᠯ ᠥᠭᠡᠷᠡᠴᠢᠯᠡᠬᠦ ᠥᠷᠲᠡᠭᠡᠨ᠎ᠤ ᠠᠮᠢᠳᠤᠷᠠᠯ᠎ᠤᠨ ᠪᠣᠬᠢᠷ ᠤᠰᠤ ᠵᠢ ᠨᠢᠭᠡ ᠴᠣᠭᠴᠠᠵᠢᠭᠤᠯᠤᠭᠰᠠᠨ ᠪᠣᠬᠢᠷ ᠤᠰᠤ ᠰᠢᠢ᠍ᠳᠪᠦᠷᠢᠯᠡᠬᠦ ᠪᠡᠯᠡᠳᠬᠡᠮᠵᠢ᠎ᠪᠠᠷ ᠰᠢᠢ᠍ᠳᠪᠦᠷᠢᠯᠡᠭᠰᠡᠨ᠎ᠤ ᠳᠠᠷᠠᠭ᠎ᠠ ᠥᠷᠲᠡᠭᠡᠨ᠎ᠤ ᠲᠣᠭᠣᠷᠢᠭ᠎ᠤᠨ ᠨᠣᠭᠣᠭ᠋ᠠᠷᠠᠭᠤᠯᠤᠯᠲᠠ᠎ᠳᠤ ᠪᠤᠴᠠᠭ᠋ᠠᠨ ᠬᠡᠷᠡᠭᠯᠡᠨ᠎ᠡ᠂ ᠳᠤᠷ᠎ᠠ᠎ᠪᠠᠷ ᠭᠠᠳᠠᠭᠰᠢ ᠭᠠᠳᠠᠭᠰᠢᠯᠠᠭᠤᠯᠵᠤ ᠪᠣᠯᠬᠤ ᠦᠭᠡᠢ᠃ ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠦᠴᠦᠳᠡᠯ ᠥᠭᠡᠷᠡᠴᠢᠯᠡᠭᠴᠢ ᠵᠢᠨ ᠲᠣᠰᠣ᠂ ᠬᠠᠶᠠᠭᠳᠠᠮᠠᠯ ᠬᠡᠯᠬᠢᠶ᠎ᠡ ᠴᠡᠨᠡᠭ ᠵᠡᠷᠭᠡ ᠵᠢ ᠪᠥᠬᠥᠳᠡ ᠵᠢ ᠡᠭᠡᠭᠦᠯᠦᠨ ᠬᠤᠷᠢᠶᠠᠬᠤ ᠬᠡᠷᠡᠭᠲᠡᠶ᠂ ᠬᠡᠷᠪᠡ ᠪᠥᠬᠥᠳᠡ ᠵᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰ᠎ᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠵᠣᠬᠢᠴᠠᠩᠭᠤᠢ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃
      (ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠬᠢᠭᠡᠳ ᠠᠵᠢᠯᠯᠠᠭ᠋ᠠᠨ᠎ᠤ ᠬᠤᠭᠤᠴᠠᠭ᠋ᠠᠨ᠎ᠳᠤ ᠱᠤᠤᠭᠢᠶᠠᠨ᠎ᠤ ᠬᠡᠮᠵᠢᠭᠳᠡᠯ ᠬᠢᠭᠡᠳ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠶ᠋ᠢᠬᠤ ᠬᠡᠷᠡᠭᠲᠡᠶ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠥᠷᠳᠡᠭ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
      ᠲᠠᠪᠤ᠂ ᠮᠠᠨ᠎ᠤ ᠲᠢᠩᠬᠢᠮ᠎ᠠᠴᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                   2024 ᠣᠨ᠎ᠤ 9 ᠰᠠᠷ᠎ᠠ ᠵᠢᠨ 14᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠣᠬᠣᠮ᠎ᠤᠨ 500 ᠺᠢᠯᠣᠸᠠᠲ᠎ᠤᠨ ᠰᠢᠨ᠎ᠡ ᠡᠨᠧᠷᠭᠢ ᠵᠢᠨ ᠬᠤᠷᠠᠮᠠᠯ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ ᠨᠠᠷᠢᠯᠢᠭ ᠣᠨᠣᠴᠠᠲᠠᠢ᠎ᠪᠠᠷ ᠬᠦᠴᠦᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠪᠣᠢ
ᠤᠰᠤᠨ᠎ᠤ ᠴᠢᠨᠠᠷ᠎ᠢ ᠬᠢᠨᠠᠨ ᠰᠢᠯᠭ᠋ᠠᠬᠤ ᠠᠦᠲ᠋ᠣ᠋ ᠭᠠᠷᠠᠭ᠎ᠤᠨ ᠰᠣᠨᠢᠨ᠂ 2018 ᠣᠨ᠎ᠤ 29 ᠳ᠋ᠦ᠍ᠭᠡᠷ ᠬᠤᠭᠤᠴᠠᠭ᠎ᠠ
ᠤᠰᠤᠨ᠎ᠤ ᠴᠢᠨᠠᠷ᠎ᠢ ᠬᠢᠨᠠᠨ ᠰᠢᠯᠭ᠋ᠠᠬᠤ ᠠᠦᠲ᠋ᠣ᠋ ᠭᠠᠷᠠᠭ᠎ᠤᠨ ᠰᠣᠨᠢᠨ᠂ 2018 ᠣᠨ᠎ᠤ 30 ᠳ᠋ᠦ᠍ᠭᠡᠷ ᠬᠤᠭᠤᠴᠠᠭ᠎ᠠ
ᠤᠰᠤᠨ᠎ᠤ ᠴᠢᠨᠠᠷ᠎ᠢ ᠬᠢᠨᠠᠨ ᠰᠢᠯᠭ᠋ᠠᠬᠤ ᠠᠦᠲ᠋ᠣ᠋ ᠭᠠᠷᠠᠭ᠎ᠤᠨ ᠰᠣᠨᠢᠨ᠂ 2018 ᠣᠨ᠎ᠤ 31 ᠳ᠋ᠦ᠍ᠭᠡᠷ ᠬᠤᠭᠤᠴᠠᠭ᠎ᠠ
 
             蒙ICP备05000248号