ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠬᠢᠩᠭ᠋ᠠᠨ ᠴᠠᠬᠢᠯᠭ᠋ᠠᠨ ᠬᠠᠩᠭ᠋ᠠᠬᠤ ᠺᠣᠮᠫᠠᠨᠢ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠲᠣᠬᠣᠮ᠎ᠤᠨ 500 ᠺᠢᠯᠣᠸᠠᠲ᠎ᠤᠨ ᠰᠢᠨ᠎ᠡ ᠡᠨᠧᠷᠭᠢ ᠵᠢᠨ ᠬᠤᠷᠠᠮᠠᠯ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》 (ᠳᠣᠷᠣᠭᠰᠢ 《ᠮᠡᠳᠡᠭᠦᠯᠦᠯᠲᠡ ᠵᠢᠨ ᠪᠢᠴᠢᠭ》 ᠭᠡᠵᠦ ᠲᠣᠪᠴᠢᠯᠠᠨ᠎ᠠ)᠎ᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
(ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ ᠲᠣᠬᠣᠮ᠎ᠤᠨ 500kV ᠬᠦᠴᠦᠳᠡᠯ ᠥᠭᠡᠷᠡᠴᠢᠯᠡᠬᠦ ᠥᠷᠲᠡᠭᠡ ᠵᠢ ᠰᠢᠨ᠎ᠡ᠎ᠪᠠᠷ ᠪᠠᠢ᠌ᠭᠤᠯᠵᠤ᠂ 1 ᠰᠠᠭᠤᠷᠢ ᠭᠣᠣᠯ ᠬᠤᠪᠢᠰᠬᠠᠭᠤᠷ(ᠪᠠᠭᠲᠠᠭ᠋ᠠᠮᠵᠢ᠎ᠨᠢ 1×1200MVA)᠂ 500kV ᠵᠢᠨ ᠴᠠᠬᠢᠯᠭ᠋ᠠᠨ ᠭᠠᠷᠭ᠋ᠠᠬᠤ 4 ᠬᠡᠯᠬᠢᠶ᠎ᠡ᠂ 220kV ᠵᠢᠨ ᠴᠠᠬᠢᠯᠭ᠋ᠠᠨ ᠭᠠᠷᠭ᠋ᠠᠬᠤ 2 ᠬᠡᠯᠬᠢᠶ᠎ᠡ ᠱᠤᠭᠤᠮ᠎ᠢ ᠪᠠᠢ᠌ᠭᠤᠯᠤᠨ᠎ᠠ᠃
(ᠬᠣᠶᠠᠷ) ᠵᠠᠮ ᠱᠤᠭᠤᠮ᠎ᠤᠨ ᠪᠠᠷᠢᠯᠭ᠎ᠠ᠃ (1) ᠯᠢᠦᠢ ᠳ᠋ᠦ᠋ — ᠫᠢᠩᠴᠤᠸᠠᠨ π ᠵᠢᠨ ᠲᠣᠬᠣᠮ᠎ᠳᠤ ᠣᠷᠣᠭᠤᠯᠬᠤ 500kV ᠵᠢᠨ ᠴᠠᠬᠢᠯᠭ᠋ᠠᠨ ᠳᠠᠮᠵᠢᠭᠤᠯᠬᠤ ᠱᠤᠭᠤᠮ (ᠯᠢᠦᠢ ᠳ᠋ᠦ᠋ ᠵᠢᠨ ᠲᠠᠯ᠎ᠠ ᠵᠢᠨ)᠎ᠢ ᠰᠢᠨ᠎ᠡ᠎ᠪᠠᠷ ᠪᠠᠢ᠌ᠭᠤᠯᠤᠨ᠎ᠠ᠂ ᠱᠤᠭᠤᠮ᠎ᠤᠨ ᠣᠷᠳᠣᠨ᠎ᠢ 2×7.5km᠂ ᠬᠣᠶᠠᠷ ᠵᠤᠷᠪᠤᠰ ᠲᠠᠩ ᠬᠡᠯᠬᠢᠶ᠎ᠡ ᠤᠲᠠᠰᠤ ᠵᠢ ᠵᠡᠷᠭᠡᠴᠡᠭᠦᠯᠦᠨ ᠲᠠᠲᠠᠵᠤ᠂ 38 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ᠃ (2) ᠯᠢᠦᠢ ᠳ᠋ᠦ᠋ — ᠫᠢᠩᠴᠤᠸᠠᠨ π ᠵᠢᠨ ᠲᠣᠬᠣᠮ᠎ᠳᠤ ᠣᠷᠣᠭᠤᠯᠬᠤ 500kV ᠵᠢᠨ ᠴᠠᠬᠢᠯᠭ᠋ᠠᠨ ᠳᠠᠮᠵᠢᠭᠤᠯᠬᠤ ᠱᠤᠭᠤᠮ (ᠫᠢᠩᠴᠤᠸᠠᠨᠤ ᠲᠠᠯ᠎ᠠ ᠵᠢᠨ)᠎ᠢ ᠰᠢᠨ᠎ᠡ᠎ᠪᠠᠷ ᠪᠠᠢ᠌ᠭᠤᠯᠤᠨ᠎ᠠ᠂ ᠱᠤᠭᠤᠮ᠎ᠤᠨ ᠣᠷᠳᠣᠨ᠎ᠢ 2×2.7km᠂ ᠬᠣᠶᠠᠷ ᠵᠤᠷᠪᠤᠰ ᠲᠠᠩ ᠬᠡᠯᠬᠢᠶ᠎ᠡ ᠤᠲᠠᠰᠤ ᠵᠢ ᠵᠡᠷᠭᠡᠴᠡᠭᠦᠯᠦᠨ ᠲᠠᠲᠠᠵᠤ᠂ 13 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ᠃
ᠲᠣᠰ ᠢᠨᠵᠧᠨᠧᠷᠢᠩ᠎ᠤᠨ ᠴᠠᠬᠢᠯᠭ᠋ᠠᠨ ᠳᠠᠮᠵᠢᠭᠤᠯᠬᠤ ᠱᠤᠭᠤᠮ᠎ᠨᠢ ᠶᠡᠬᠡ ᠬᠢᠩᠭ᠋ᠠᠨ ᠳᠠᠪᠠᠭ᠎ᠠ ᠵᠢᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠢ᠌ᠯᠠᠬᠤ ᠵᠢᠨ ᠠᠷᠭ᠎ᠠ ᠦᠭᠡᠢ᠎ᠪᠠᠷ 2×8.5 km ᠲᠤᠭᠤᠯᠤᠨ ᠥᠩᠭᠡᠷᠡᠵᠦ᠂ 39 ᠰᠠᠭᠤᠷᠢ ᠰᠤᠪᠤᠷᠭ᠎ᠠ ᠪᠣᠰᠬᠠᠬᠤ ᠴᠢᠬᠤᠯᠠᠲᠠᠢ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠢᠯᠢ᠎ᠳᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠨᠢ 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠬᠤ ᠬᠡᠷᠡᠭᠲᠡᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠪᠢᠴᠢᠭ》᠎ᠲᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠪᠠᠷᠢᠯᠭ᠎ᠠ ᠵᠢᠨ ᠬᠤᠭᠤᠴᠠᠭ᠋ᠠᠨ᠎ᠳᠤ ᠪᠠᠷᠢᠯᠭ᠎ᠠ ᠵᠢᠨ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
(ᠬᠣᠶᠠᠷ) 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠠᠵᠢᠯ᠎ᠤᠨ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯ᠎ᠤᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠡᠵᠡᠩᠨᠡᠯᠲᠡ ᠵᠢᠨ ᠬᠤᠭᠤᠴᠠᠭ᠋ᠠᠨ᠎ᠤ ᠬᠦᠴᠦᠳᠡᠯ ᠥᠭᠡᠷᠡᠴᠢᠯᠡᠬᠦ ᠥᠷᠳᠡᠭᠡ ᠵᠢᠨ ᠠᠮᠢᠳᠤᠷᠠᠯ᠎ᠤᠨ ᠪᠣᠬᠢᠷ ᠤᠰᠤ ᠵᠢ ᠢᠯᠭ᠋ᠠᠳᠠᠰᠤᠨ ᠲᠠᠲᠠᠭ᠋ᠠᠯ᠎ᠳᠤ ᠣᠷᠣᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠴᠡᠪᠡᠷᠯᠡᠨ ᠲᠡᠭᠡᠭᠡᠪᠦᠷᠢᠯᠡᠵᠦ᠂ ᠳᠤᠷ᠎ᠠ᠎ᠪᠠᠷ ᠭᠠᠳᠠᠭᠰᠢ ᠭᠠᠳᠠᠭᠰᠢᠯᠠᠭᠤᠯᠵᠤ ᠪᠣᠯᠬᠤ ᠦᠭᠡᠢ᠃ ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠦᠴᠦᠳᠡᠯ ᠥᠭᠡᠷᠡᠴᠢᠯᠡᠭᠴᠢ ᠵᠢᠨ ᠲᠣᠰᠣ᠂ ᠬᠠᠶᠠᠭᠳᠠᠮᠠᠯ ᠬᠡᠯᠬᠢᠶ᠎ᠡ ᠴᠡᠨᠡᠭ ᠵᠡᠷᠭᠡ ᠵᠢ ᠪᠥᠬᠥᠳᠡ ᠵᠢ ᠡᠭᠡᠭᠦᠯᠦᠨ ᠬᠤᠷᠢᠶᠠᠬᠤ ᠬᠡᠷᠡᠭᠲᠡᠶ᠂ ᠬᠡᠷᠪᠡ ᠪᠥᠬᠥᠳᠡ ᠵᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠵᠣᠬᠢᠴᠠᠩᠭᠤᠢ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃
(ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠬᠢᠭᠡᠳ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠬᠢᠭᠡᠳ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠶ᠋ᠢᠬᠤ ᠬᠡᠷᠡᠭᠲᠡᠶ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠥᠷᠳᠡᠭ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠬᠤ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
ᠲᠠᠪᠤ᠂ ᠮᠠᠨ᠎ᠤ ᠲᠢᠩᠬᠢᠮ᠎ᠠᠴᠠ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 9 ᠰᠠᠷ᠎ᠠ ᠵᠢᠨ 14᠎ᠤ ᠡᠳᠦᠷ