ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠢᠩᠭᠡᠷ ︱ ᠵᠢᠤᠢ ᠪᠦᠦ ᠵᠤᠸᠠᠩ᠎ᠤᠨ ᠬᠣᠥᠰ ᠪᠤᠴᠠᠯᠲᠠ᠎ᠶᠢᠨ 500 ᠺᠢᠯᠣᠸᠠᠲ᠎ᠤᠨ ᠱᠤᠭᠤᠮ᠎ᠤᠨ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ ᠪᠢᠴᠢᠭ ᠮᠠᠲ᠋ᠧᠷᠢᠶᠠᠯ ( ᠰᠠᠴᠤᠷᠠᠭ᠎ᠤᠨ ᠲᠥᠷᠥᠯ )᠎ᠢ ᠭᠥᠯᠢᠶᠡᠨ ᠠᠪᠴᠤ ᠰᠢᠶ᠋ᠳᠪᠦᠷᠢᠯᠡᠬᠦ ᠵᠢᠴᠢ ᠬᠢᠨᠠᠨ ᠵᠥᠪᠰᠢᠶᠡᠷᠡᠬᠦ ᠲᠤᠬᠠᠢ ᠢᠯᠡ ᠨᠡᠢᠳᠡᠯᠡᠯ
ᠨᠡᠶ᠋ᠢᠲᠡᠯᠡᠭᠰᠡᠨ ᠴᠠᠭ᠄ 2025-10-22

      ᠲᠥᠷᠥᠯ ᠵᠦᠶ᠋ᠯ᠎ᠦᠨ ᠨᠡᠷᠡᠶ᠋ᠢᠳᠦᠯ ᠄ ᠨᠢᠩᠭᠡᠷ︱ ᠵᠢᠤᠢ ᠪᠦᠦ ᠵᠤᠸᠠᠩ᠎ᠤᠨ ᠬᠣᠥᠰ ᠪᠤᠴᠠᠯᠲᠠ᠎ᠶᠢᠨ 500 ᠺᠢᠯᠣᠸᠠᠲ᠎ᠤᠨ ᠱᠤᠭᠤᠮ᠎ᠤᠨ ᠢᠨᠵᠧᠨᠧᠷᠢᠩ
      ᠪᠥᠲᠥᠭᠡᠨ ᠪᠠᠶ᠋ᠢᠭᠤᠯᠬᠤ ᠭᠠᠵᠠᠷ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱᠠ ᠠᠶ᠋ᠢᠮᠠᠭ᠎ᠤᠨ ᠡᠵᠡᠨ᠎ᠡ ᠬᠣᠰᠢᠭᠤ᠂ ᠠᠯᠠᠱᠠ ᠪᠠᠷᠠᠭᠤᠨ ᠬᠣᠰᠢᠭᠤ᠂ ᠠᠯᠠᠱᠠ ᠵᠡᠭᠦᠨ ᠬᠣᠰᠢᠭᠤᠨ᠎ᠤ ᠬᠢᠯᠢ ᠳᠣᠲᠣᠷ᠎ᠠ
      ᠪᠥᠲᠥᠭᠡᠨ ᠪᠠᠶ᠋ᠢᠭᠤᠯᠬᠤ ᠨᠢᠭᠡᠴᠢ ᠄ ᠥᠪᠥᠷ ᠮᠣᠩᠭᠣᠯ᠎ᠤᠨ ᠴᠠᠬᠢᠯᠭᠠᠨ ᠬᠦᠴᠦᠨ ( ᠪᠦᠯᠦᠭᠯᠡᠯ )᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠥᠪᠥᠷ ᠮᠣᠩᠭᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ
      ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠᠶ᠋ᠢᠭᠤᠯᠤᠮᠵᠢ ᠄ ᠥᠪᠥᠷ ᠮᠣᠩᠭᠣᠯ᠎ᠤᠨ ᠵᠢᠦ ᠬᠤᠸᠠᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ
      ᠲᠦᠷᠦᠯ ᠵᠦᠢᠯ᠎ᠦᠨ ᠲᠣᠶ᠋ᠢᠮᠣ᠌ ᠪᠠᠶ᠋ᠢᠳᠠᠯ᠄ ① ᠨᠢᠩᠭᠡᠷ᠎ᠤᠨ 500kV ᠴᠠᠬᠢᠯᠭᠠᠨ ᠥᠭᠡᠷᠡᠴᠢᠯᠡᠬᠦ ᠦᠷᠳᠡᠭᠡ᠎ᠶᠢᠨ ᠬᠣᠭᠣᠷᠣᠨᠳᠣᠬᠢ ᠵᠠᠶ᠎ᠶᠢ ᠥᠷᠭᠡᠳᠬᠡᠨ ᠪᠠᠶ᠋ᠢᠭᠤᠯᠬᠤ ᠪᠠᠷᠢᠯᠭ᠎ᠠ᠎ᠳᠤ᠂ ᠭᠠᠵᠠᠷ ᠡᠵᠡᠯᠡᠬᠦ ᠬᠡᠮᠵᠢᠶ᠎ᠡ᠎ᠶᠢ ᠰᠢᠨ᠎ᠡ᠎ᠪᠡᠷ ᠨᠡᠮᠡᠭᠳᠡᠭᠦᠯᠬᠦ ᠦᠭᠡᠢ᠂ ᠲᠤᠰ ᠬᠤᠭᠤᠴᠠᠭᠠᠨ᠎ᠳᠤ 500kV ᠱᠤᠭᠤᠮ᠎ᠠᠴᠠ ᠭᠠᠷᠬᠤ ᠵᠠᠶ᠎ᠶᠢ 2 ᠤᠳᠠᠭ᠎ᠠ ᠥᠷᠭᠡᠳᠬᠡᠨ ᠪᠠᠶ᠋ᠢᠭᠤᠯᠵᠤ᠂ ᠥᠨᠳᠥᠷ ᠬᠦᠴᠦᠳᠡᠯᠲᠦ ᠴᠠᠬᠢᠯᠭᠠᠨ ᠡᠰᠡᠷᠬᠦᠴᠡᠬᠦᠷ ᠵᠡᠷᠭᠡ ᠲᠥᠬᠥᠭᠡᠷᠦᠮᠵᠢ᠎ᠶᠢ ᠥᠷᠭᠡᠳᠬᠡᠨ ᠪᠠᠶ᠋ᠢᠭᠤᠯᠤᠨ᠎ᠠ᠃ ② ᠵᠢᠤᠢ ᠪᠦᠦ ᠵᠤᠸᠠᠩ᠎ᠤᠨ 500kV ᠬᠦᠴᠦᠳᠡᠯ ᠥᠭᠡᠷᠡᠴᠢᠯᠡᠬᠦ ᠥᠷᠲᠡᠭᠡᠨ᠎ᠦ ᠬᠣᠭᠣᠷᠣᠨᠳᠣᠬᠢ ᠵᠠᠶ᠎ᠶᠢ ᠥᠷᠭᠡᠳᠬᠡᠨ ᠪᠠᠶ᠋ᠢᠭᠤᠯᠵᠤ᠂ ᠲᠤᠰ ᠬᠤᠭᠤᠴᠠᠭᠠᠨ᠎ᠳᠤ 500kV ᠱᠤᠭᠤᠮ᠎ᠤᠨ ᠬᠣᠭᠣᠷᠣᠨᠳᠣᠬᠢ ᠵᠠᠶ᠎ᠶᠢ 2 ᠤᠳᠠᠭ᠎ᠠ ᠥᠷᠭᠡᠳᠬᠡᠨ ᠪᠠᠶ᠋ᠢᠭᠤᠯᠵᠤ᠂ ᠥᠨᠳᠥᠷ ᠬᠦᠴᠦᠳᠡᠯᠲᠦ ᠴᠠᠬᠢᠯᠭᠠᠨ ᠡᠰᠡᠷᠬᠦᠴᠡᠬᠦᠷ ᠵᠡᠷᠭᠡ ᠲᠥᠬᠥᠭᠡᠷᠦᠮᠵᠢ᠎ᠶᠢ ᠥᠷᠭᠡᠳᠬᠡᠨ ᠪᠠᠶ᠋ᠢᠭᠤᠯᠤᠨ᠎ᠠ᠃ ③ ᠨᠢᠩᠭᠡᠷ — ᠵᠢᠤᠢ ᠪᠦᠦ ᠵᠤᠸᠠᠩ᠎ᠤᠨ ᠬᠣᠣᠰ ᠪᠤᠴᠠᠯᠲᠠ᠎ᠶᠢᠨ 500 ᠺᠢᠯᠣᠸᠠᠲ᠎ᠤᠨ ᠱᠤᠭᠤᠮ᠎ᠤᠨ ᠢᠨᠵᠧᠨᠧᠷᠢᠩ ᠪᠣᠯ ᠤᠷᠳᠤᠰ ᠬᠤᠳᠠ᠎ᠶᠢᠨ ᠵᠡᠭᠦᠨᠭᠠᠷ ᠬᠣᠰᠢᠭᠤᠨ᠎ᠤ ᠨᠢᠩᠭᠡᠷ᠎ᠦᠨ 500kV ᠬᠦᠴᠦᠳᠡᠯ ᠥᠭᠡᠷᠡᠴᠢᠯᠡᠬᠦ ᠦᠷᠳᠡᠭᠡ᠎ᠡᠴᠡ ᠡᠬᠢᠯᠡᠵᠦ᠂ ᠡᠴᠦᠰ᠎ᠲᠡᠬᠡᠨ ᠹᠸᠩᠵᠸᠨ ᠬᠤᠳᠠ᠎ᠶᠢᠨ ᠵᠢᠤᠢ ᠪᠦᠦ ᠵᠤᠸᠠᠩ᠎ᠤᠨ 500kV ᠬᠦᠴᠦᠳᠡᠯ ᠥᠭᠡᠷᠡᠴᠢᠯᠡᠬᠦ ᠦᠷᠳᠡᠭᠡ ᠬᠥᠷᠥᠨ᠎ᠡ᠃ ᠱᠤᠭᠤᠮ᠎ᠤᠨ ᠪᠦᠬᠦ ᠣᠷᠳᠣ᠌ ᠨᠢ ᠪᠠᠷᠤᠭ 198.0km ᠪᠠᠶ᠋ᠢᠵᠤ᠂ ᠨᠢᠭᠡ ᠰᠤᠪᠤᠷᠭ᠎ᠠ᠎ᠶᠢᠨ ᠬᠣᠣᠰ ᠡᠭᠡᠯᠲᠡ᠎ᠶᠢ ᠵᠡᠷᠭᠡ᠎ᠪᠡᠷ ᠲᠠᠳᠠᠨ᠎ᠠ᠃
      ᠤᠯᠠᠨ ᠲᠦᠮᠡᠨ ᠣᠷᠣᠯᠴᠠᠭᠰᠠᠨ ᠪᠠᠶ᠋ᠢᠳᠠᠯ ᠄ ᠪᠥᠲᠥᠭᠡᠨ ᠪᠠᠶ᠋ᠢᠭᠤᠯᠤᠯᠲᠠ᠎ᠶᠢᠨ ᠨᠢᠭᠡᠴᠢ 2025 ᠣᠨ᠎ᠤ 3 ᠰᠠᠷ᠎ᠠ᠎ᠶᠢᠨ 5᠎ᠤ ᠡᠳᠦᠷ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠶ᠋ᠯ᠎ᠦᠨ ᠣᠷᠴᠢᠨ ᠲᠣᠭᠣᠷᠢᠨ᠎ᠤ ᠮᠡᠳᠡᠭᠡ ᠵᠠᠩᠭᠢ᠎ᠶᠢ ᠢᠯᠡ ᠨᠡᠶ᠋ᠢᠲᠡᠯᠡᠬᠦ ᠲᠠᠪᠴᠠᠩ᠎ᠳᠤ ᠢᠯᠡ ᠨᠡᠢᠳᠡᠯᠡᠪᠡ᠃ ᠲᠥᠷᠥᠯ ᠵᠦᠶ᠋ᠯ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠰᠠᠨᠠᠯ ᠬᠤᠷᠢᠶᠠᠬᠤ ᠨᠣᠥᠷᠠᠭ᠎ᠢ ᠪᠣᠶ ᠪᠣᠯᠭᠠᠭᠰᠠᠨ᠎ᠤ ᠳᠠᠷᠠᠭ᠎ᠠ᠂ ᠲᠣᠰ ᠲᠣᠰ ᠰᠦᠯᠵᠢᠶ᠎ᠡ᠂ ᠰᠣᠨᠢᠨ ᠪᠠ ᠲᠤᠬᠠᠶ᠎ᠶᠢᠨ ᠲᠠᠯᠠᠪᠤᠷ᠎ᠲᠤ ᠠᠯᠪᠠᠨ ᠵᠠᠷ ᠨᠠᠭᠠᠬᠤ ᠠᠷᠭ᠎ᠠ ᠮᠠᠶᠢᠭ᠋᠎ᠢᠶᠠᠷ ᠵᠡᠷᠭᠡ ᠳ᠋ᠦ᠍ᠨᠢ ᠢᠯᠡ ᠪᠣᠯᠭᠠᠵᠤ᠂ 2025 ᠣᠨ᠎ᠤ 4 ᠰᠠᠷ᠎ᠠ᠎ᠶᠢᠨ 7᠎ᠤ ᠡᠳᠦᠷ᠎ᠡᠴᠡ 2025 ᠣᠨ᠎ᠤ 4 ᠰᠠᠷ᠎ᠠ᠎ᠶᠢᠨ 8᠎ᠤ ᠡᠳᠦᠷ ᠪᠣᠯᠲᠠᠯ᠎ᠠ ᠪᠠᠶ᠋ᠢᠭᠤᠯᠬᠤ᠎ᠪᠠᠷ ᠪᠠᠶ᠋ᠢᠭ᠎ᠠ ᠲᠥᠷᠥᠯ ᠵᠦᠶ᠋ᠯ᠎ᠦᠨ ᠰᠠᠨᠠᠯ ᠬᠤᠷᠢᠶᠠᠬᠤ ᠨᠣᠥᠷᠠᠭ᠎ᠤᠨ ᠪᠥᠬᠥ ᠠᠭᠤᠯᠭ᠎ᠠ᠎ᠶᠢ ᠰᠦᠯᠵᠢᠶᠡᠨ᠎ᠦ ᠲᠠᠪᠴᠠᠩ᠎ᠤᠨ ᠠᠷᠭ᠎ᠠ ᠮᠠᠶᠢᠭ᠋᠎ᠢᠶᠠᠷ ᠣᠯᠠᠨ ᠨᠡᠶ᠋ᠢᠲᠡ᠎ᠳᠦ ᠢᠯᠡ ᠨᠡᠶ᠋ᠢᠲᠡᠯᠡᠪᠡ᠃ 2025 ᠣᠨ᠎ᠤ 4 ᠰᠠᠷ᠎ᠠ᠎ᠶᠢᠨ 8᠎ᠤ ᠡᠳᠦᠷ ᠪᠣᠯᠤᠨ 2025 ᠣᠨ᠎ᠤ 4 ᠰᠠᠷ᠎ᠠ᠎ᠶᠢᠨ 9᠎ᠦ ᠡᠳᠦᠷ 《 ᠤᠮᠠᠷᠠᠲᠤ᠎ᠶᠢᠨ ᠰᠢᠨ᠎ᠡ ᠰᠣᠨᠢᠨ 》᠎ᠳᠤ ᠢᠯᠡ ᠨᠡᠶ᠋ᠢᠲᠡᠯᠡᠪᠡ᠃ 2025 ᠣᠨ᠎ᠤ 4 ᠰᠠᠷ᠎ᠠ᠎ᠶᠢᠨ 7᠎ᠤ ᠡᠳᠦᠷ᠎ᠡᠴᠡ 2025 ᠣᠨ᠎ᠤ 4 ᠰᠠᠷ᠎ᠠ᠎ᠶᠢᠨ 18᠎ᠤ ᠡᠳᠦᠷ ᠪᠣᠯᠲᠠᠯ᠎ᠠ ᠲᠦᠷᠦᠯ ᠵᠦᠢᠯ᠎ᠦᠨ ᠤᠢ᠍ᠢᠷ᠎ᠠ ᠬᠠᠪᠢ᠎ᠶᠢᠨ ᠲᠣᠰᠬᠣᠨ᠎ᠳᠤ ᠵᠠᠷ ᠨᠠᠭᠠᠵᠤ ᠢᠯᠡ ᠨᠡᠶ᠋ᠢᠲᠡᠯᠡᠵᠡᠢ᠃
      ᠲᠥᠷᠥᠯ ᠵᠦᠶ᠋ᠯ᠎ᠢ ᠢᠯᠡ ᠨᠡᠶ᠋ᠢᠲᠡᠯᠡᠬᠦ ᠴᠠᠭ ᠨᠢ 2025 ᠣᠨ᠎ᠤ 7 ᠰᠠᠷ᠎ᠠ᠎ᠶᠢᠨ 29᠎ᠦ ᠡᠳᠦᠷ ᠪᠣᠯᠤᠨ᠎ᠠ᠃ ᠬᠡᠷᠪᠡ ᠲᠥᠷᠥᠯ ᠵᠦᠢᠯ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠢ ᠬᠢᠨᠠᠨ ᠵᠥᠪᠰᠢᠶᠡᠷᠡᠬᠦ᠎ᠳᠦ ᠣᠨᠳᠣᠣ ᠰᠠᠨᠠᠯ᠎ᠲᠠᠢ ᠪᠠᠶ᠋ᠢᠪᠠᠯ᠂ ᠢᠯᠡ ᠨᠡᠶ᠋ᠢᠲᠡᠯᠡᠬᠦ ᠴᠠᠭ᠎ᠤᠨ ᠳᠣᠲᠣᠷ᠎ᠠ ᠮᠠᠨ᠎ᠤ ᠲᠢᠩᠬᠢᠮ᠎ᠳᠦ ᠰᠠᠨᠠᠯ᠎ᠢᠶᠠᠨ ᠲᠤᠰᠬᠠᠬᠤ ᠪᠤᠶᠤ ᠪᠢᠴᠢᠭ᠎ᠢᠶᠡᠷ ᠰᠠᠨᠠᠯ᠎ᠢᠶᠠᠨ ᠳᠤᠷᠠᠳᠴᠤ ᠪᠣᠯᠤᠨ᠎ᠠ᠃
      ᠬᠠᠷᠢᠯᠴᠠᠬᠤ ᠤᠲᠠᠰᠤ ᠄ 0471-4632071
      ᠬᠠᠶᠢᠭ᠋ ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠋᠎ᠤᠨ ᠲᠸᠩ ᠹᠸᠢ ᠵᠠᠮ᠎ᠤᠨ 39 ᠳ᠋ᠦ᠍ᠭᠡᠷ ᠨᠣᠮᠧᠷ
      ᠰᠢᠦᠳᠠᠨ ᠳ᠋ᠤᠭᠠᠷ ᠄ 010011

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号