ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠰᠢᠨ᠎ᠡ ᠲᠣᠭᠣᠷᠢᠭ᠋᠎ᠤᠨ ᠤᠮᠠᠷᠠᠲᠤ᠎ᠶᠢᠨ 500 ᠺᠢᠯᠣᠸᠠᠲ᠎ᠤᠨ ᠴᠠᠬᠢᠯᠭᠠᠨ ᠲᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠢᠴᠢᠭ ᠮᠠᠲ᠋ᠧᠷᠢᠶᠠᠯ ( ᠰᠠᠴᠤᠷᠠᠭ᠎ᠤᠨ ᠲᠥᠷᠥᠯ )᠎ᠢ ᠭᠥᠯᠢᠶᠡᠨ ᠠᠪᠴᠤ ᠰᠢᠶ᠋ᠳᠪᠦᠷᠢᠯᠡᠬᠦ ᠵᠢᠴᠢ ᠬᠢᠨᠠᠨ ᠵᠥᠪᠰᠢᠶᠡᠷᠡᠬᠦ ᠲᠤᠬᠠᠢ ᠢᠯᠡ ᠨᠡᠢᠳᠡᠯᠡᠯ
ᠨᠡᠶ᠋ᠢᠲᠡᠯᠡᠭᠰᠡᠨ ᠴᠠᠭ᠄ 2025-10-22

      ᠲᠥᠷᠥᠯ ᠵᠦᠶ᠋ᠯ᠎ᠦᠨ ᠨᠡᠷᠡᠶ᠋ᠢᠳᠦᠯ ᠄ ᠰᠢᠨ᠎ᠡ ᠲᠣᠭᠣᠷᠢᠭ᠋᠎ᠤᠨ ᠤᠮᠠᠷᠠᠲᠤ᠎ᠶᠢᠨ 500 ᠺᠢᠯᠣᠸᠠᠲ᠎ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ
      ᠪᠥᠲᠥᠭᠡᠨ ᠪᠠᠶ᠋ᠢᠭᠤᠯᠬᠤ ᠭᠠᠵᠠᠷ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠲᠦᠮᠡᠳ ᠵᠡᠭᠦᠨ ᠬᠣᠰᠢᠭᠤᠨ᠎ᠤ ᠬᠢᠯᠢ ᠳᠣᠲᠣᠷ᠎ᠠ
      ᠪᠥᠲᠥᠭᠡᠨ ᠪᠠᠶ᠋ᠢᠭᠤᠯᠬᠤ ᠨᠢᠭᠡᠴᠢ ᠄ ᠥᠪᠥᠷ ᠮᠣᠩᠭᠣᠯ᠎ᠤᠨ ᠴᠠᠬᠢᠯᠭᠠᠨ ᠬᠦᠴᠦᠨ ( ᠪᠦᠯᠦᠭᠯᠡᠯ )᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠥᠪᠥᠷ ᠮᠣᠩᠭᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ
      ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠᠶ᠋ᠢᠭᠤᠯᠤᠮᠵᠢ ᠄ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠬᠠᠶ᠋ᠢᠨ ᠬᠡᠮᠵᠢᠯᠲᠡ ᠵᠢᠷᠤᠭ ᠲᠥᠯᠥᠪᠯᠡᠭᠡ᠎ᠶᠢᠨ ᠬᠦᠷᠢᠶᠡᠯᠡᠩ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ
      ᠲᠥᠷᠥᠯ ᠵᠦᠶ᠋ᠯ᠎ᠦᠨ ᠲᠣᠶ᠋ᠢᠮᠣ᠌ ᠪᠠᠶ᠋ᠢᠳᠠᠯ ᠄ ( 1 ) ᠰᠢᠨ᠎ᠡ ᠲᠣᠭᠣᠷᠢᠭ᠋᠎ᠤᠨ ᠤᠮᠠᠷᠠᠲᠤ᠎ᠶᠢᠨ 500kV ᠬᠦᠴᠦᠳᠡᠯ ᠥᠭᠡᠷᠡᠴᠢᠯᠡᠬᠦ ᠥᠷᠲᠡᠭᠡ᠎ᠶᠢᠨ ᠢᠨᠵᠧᠨᠧᠷᠢᠩ᠎ᠢ ᠰᠢᠨ᠎ᠡ᠎ᠪᠡᠷ ᠪᠠᠢᠭᠤᠯᠤᠨ᠎ᠠ ᠄ ᠲᠣᠰ ᠬᠤᠭᠤᠴᠠᠭᠠᠨ᠎ᠳᠤ 2×1200MVA ᠬᠦᠴᠦᠳᠡᠯ ᠥᠭᠡᠷᠡᠴᠢᠯᠡᠭᠴᠢ᠎ᠶᠢ ᠪᠠᠶ᠋ᠢᠭᠤᠯᠵᠤ᠂ ᠭᠣᠥᠯ ᠬᠤᠪᠢᠰᠬᠤ ᠳᠣᠥᠷ᠎ᠠ ᠬᠦᠴᠦᠳᠡᠯ᠎ᠦᠨ ᠬᠠᠵᠠᠭᠤ᠎ᠳᠤ 3 ᠪᠦᠯᠦᠭ 60Mvar ᠳᠣᠥᠷ᠎ᠠ ᠬᠦᠴᠦᠳᠡᠯ᠎ᠦᠨ ᠴᠠᠬᠢᠯᠭᠠᠨ ᠪᠠᠭᠲᠠᠭᠠᠭᠴᠢ ᠤᠭᠰᠠᠷᠠᠵᠤ᠂ 1 ᠪᠦᠯᠦᠭ 60Mvar ᠳᠣᠥᠷ᠎ᠠ ᠬᠦᠴᠦᠳᠡᠯ᠎ᠦᠨ ᠡᠰᠡᠷᠭᠦᠴᠡᠯ᠎ᠦᠨ ᠮᠠᠰᠢᠨ ᠤᠭᠰᠠᠷᠠᠵᠤ᠂ 500kV᠎ᠤᠨ 4 ᠤᠲᠠᠰᠤ᠎ᠶᠢ ᠲᠠᠳᠠᠨ᠎ᠠ ( ᠲᠦᠮᠡᠳ᠎ᠲᠦ 1᠂ ᠶᠦᠩ ᠱᠧᠩ ᠢᠦᠢ᠎ᠳᠤ 1᠂ ᠰᠠᠶ᠋ᠢᠬᠠᠨ᠎ᠳᠤ 2 )᠃ 220kV᠎ᠤᠨ 4 ᠤᠳᠠᠰᠤ᠎ᠶᠢ ᠲᠠᠳᠠᠨ᠎ᠠ ( ᠲᠤᠰ ᠪᠦᠷᠢ ᠠᠲ᠋ᠥᠰ᠎ᠲᠤ 2᠂ ᠴᠤᠸᠠᠩ ᠶᠧ᠎ᠳᠤ 2 )᠃ ( 2 ) ᠶᠦᠩ ᠱᠧᠩ ᠢᠦᠢ ︱ ᠰᠠᠶ᠋ᠢᠬᠠᠨ᠂ ᠲᠦᠮᠡᠳ ︱ ᠰᠠᠶ᠋ᠢᠬᠠᠨ π ᠵᠢᠨ ᠰᠢᠨ᠎ᠡ ᠲᠣᠭᠣᠷᠢᠭ᠋᠎ᠤᠨ ᠬᠣᠶ᠋ᠢᠲᠤ ᠦᠷᠲᠡᠭᠡ᠎ᠳᠦ ᠣᠷᠣᠬᠤ 500kV ᠱᠤᠭᠤᠮ᠎ᠢ ᠰᠢᠨ᠎ᠡ᠎ᠪᠡᠷ ᠪᠠᠶ᠋ᠢᠭᠤᠯᠤᠨ᠎ᠠ ᠄ ᠱᠤᠭᠤᠮ ᠨᠢ ᠰᠢᠨ᠎ᠡ ᠲᠣᠭᠣᠷᠢᠭ᠋᠎ᠤᠨ ᠤᠮᠠᠷᠠᠲᠤ᠎ᠶᠢᠨ 500kV ᠬᠦᠴᠦᠳᠡᠯ ᠥᠭᠡᠷᠡᠴᠢᠯᠡᠬᠦ ᠥᠷᠲᠡᠭᠡᠨ᠎ᠦ 500kV ᠪᠦᠲᠦᠴᠡ᠎ᠶᠢ ᠪᠠᠶ᠋ᠢᠭᠤᠯᠬᠤ᠎ᠪᠠᠷ ᠲᠥᠯᠥᠪᠯᠡᠵᠦ ᠪᠤᠶ᠃ ᠶᠦᠩ ᠱᠧᠩ ᠢᠦᠢ — ᠰᠠᠶ᠋ᠢᠬᠠᠨ ᠬᠦᠷᠲᠡᠯ᠎ᠡ᠂ ᠲᠦᠮᠡᠳ — ᠰᠠᠶ᠋ᠢᠬᠠᠨ 500kV ᠱᠤᠭᠤᠮ᠎ᠤᠨ ᠬᠣᠶᠠᠷ ᠲᠠᠯ᠎ᠠ᠎ᠶᠢᠨ π ᠵᠢᠨ ᠠᠭᠤᠯᠵᠠᠷ ᠴᠡᠭ ( ᠶᠦᠩ ᠱᠧᠩ ᠢᠦᠢ — ᠰᠠᠶ᠋ᠢᠬᠠᠨ 500kV ᠱᠤᠭᠤᠮ ᠬᠢᠭᠡᠳ ᠲᠦᠮᠡᠳ — ᠰᠠᠶ᠋ᠢᠬᠠᠨ 500kV ᠱᠤᠭᠤᠮ᠎ᠢ π ᠵᠢᠨ ᠠᠭᠤᠯᠵᠠᠷ ᠬᠡᠰᠡᠭ᠎ᠲᠦ ᠢᠵᠢᠯᠢ ᠰᠤᠪᠤᠷᠭ᠎ᠠ᠎ᠶᠢᠨ ᠬᠣᠣᠰ ᠪᠤᠴᠠᠯᠲᠠ᠎ᠪᠠᠷ ᠲᠠᠲᠠᠵᠤ᠂ ᠬᠣᠶ᠋ᠢᠲᠤ ᠲᠠᠯ᠎ᠠ᠎ᠶᠢᠨ ᠪᠤᠴᠠᠯᠲᠠ᠎ᠶᠢᠨ ᠵᠠᠮ ᠨᠢ ᠲᠦᠮᠡᠳ — ᠰᠠᠶ᠋ᠢᠬᠠᠨ 500kV ᠱᠤᠭᠤᠮ᠂ ᠡᠮᠦᠨ᠎ᠡ ᠲᠠᠯ᠎ᠠ᠎ᠶᠢᠨ ᠪᠤᠴᠠᠯᠲᠠ᠎ᠶᠢᠨ ᠵᠠᠮ ᠨᠢ ᠶᠦᠩ ᠱᠧᠩ ᠢᠦᠢ — ᠰᠠᠶ᠋ᠢᠬᠠᠨ 500kV ᠱᠤᠭᠤᠮ ᠪᠣᠯᠤᠨ᠎ᠠ )᠃ ᠪᠦᠬᠦ ᠱᠤᠭᠤᠮ᠎ᠢᠶᠠᠷ᠎ᠢᠶᠠᠨ ᠬᠥᠬᠡᠬᠣᠲᠠ᠎ᠶᠢᠨ ᠲᠦᠮᠡᠳ ᠵᠡᠭᠦᠨ ᠬᠣᠰᠢᠭᠤᠨ᠎ᠤ ᠬᠢᠯᠢ᠎ᠳᠦ ᠪᠠᠶ᠋ᠢᠷᠢᠯᠠᠵᠤ᠂ ᠶᠦᠩ ᠱᠧᠩ ᠢᠦᠢ᠂ ᠲᠦᠮᠡᠳ ᠲᠠᠯ᠎ᠠ᠎ᠶᠢᠨ π ᠵᠢᠨ ᠵᠠᠯᠭᠠᠯᠲᠠ ᠨᠢ ᠪᠠᠷᠤᠭ 42km ᠪᠠᠶ᠋ᠢᠵᠤ᠂ ᠰᠠᠶ᠋ᠢᠬᠠᠨ᠎ᠤ ᠬᠡᠰᠡᠭ᠎ᠦᠨ π ᠵᠢᠨ ᠵᠠᠯᠭᠠᠯᠲᠠ ᠨᠢ ᠪᠠᠷᠤᠭ 3.4km ᠪᠠᠶ᠋ᠢᠵᠤ᠂ ᠵᠠᠮ ᠱᠤᠭᠤᠮ᠎ᠤᠨ ᠤᠷᠳᠤ ᠨᠢ ᠨᠡᠶ᠋ᠢᠯᠡᠭᠡᠳ 7.6km ᠪᠠᠶ᠋ᠢᠵᠤ᠂ ᠪᠦᠷ ᠬᠣᠣᠰ ᠪᠤᠴᠠᠯ ᠵᠠᠮ᠎ᠤᠨ ᠤᠭᠰᠠᠷᠠᠭ᠎ᠠ ᠪᠣᠯᠤᠨ᠎ᠠ᠃
      ᠤᠯᠠᠨ ᠲᠦᠮᠡᠨ ᠣᠷᠣᠯᠴᠠᠭᠰᠠᠨ ᠪᠠᠶ᠋ᠢᠳᠠᠯ ᠄ ᠪᠥᠲᠥᠭᠡᠨ ᠪᠠᠶ᠋ᠢᠭᠤᠯᠤᠯᠲᠠ᠎ᠶᠢᠨ ᠨᠢᠭᠡᠴᠢ 2025 ᠣᠨ᠎ᠤ 4 ᠰᠠᠷ᠎ᠠ᠎ᠶᠢᠨ 21᠎ᠦ ᠡᠳᠦᠷ ᠪᠥᠬᠥ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠶ᠋ᠯᠡᠰ᠎ᠦᠨ ᠣᠷᠴᠢᠨ ᠲᠣᠭᠣᠷᠢᠨ᠎ᠤ ᠮᠡᠳᠡᠭᠡ ᠵᠠᠩᠭᠢ᠎ᠶᠢ ᠢᠯᠡ ᠨᠡᠶ᠋ᠢᠲᠡᠯᠡᠬᠦ ᠲᠠᠪᠴᠠᠩ᠎ᠳᠤ ᠰᠦᠯᠵᠢᠶᠡᠨ᠎ᠦ ᠬᠡᠯᠪᠡᠷᠢ᠎ᠪᠡᠷ ᠠᠩᠬ᠎ᠠ ᠤᠳᠠᠭ᠎ᠠ ᠢᠯᠡ ᠨᠡᠶ᠋ᠢᠲᠡᠯᠡᠪᠡ ( ᠠᠩᠬ᠎ᠠ ᠤᠳᠠᠭ᠎ᠠ ᠢᠯᠡ ᠨᠡᠶ᠋ᠢᠲᠡᠯᠡᠪᠡ )᠃ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠡᠬᠡ ᠨᠤᠤᠷᠠᠭ ( ᠰᠠᠨᠠᠯ ᠬᠤᠷᠢᠶᠠᠬᠤ ᠡᠬᠡ ᠨᠤᠤᠷᠠᠭ )᠎ᠢ ᠪᠢᠴᠢᠵᠦ ᠳᠠᠭᠤᠰᠬᠠᠭᠰᠠᠨ᠎ᠤ ᠳᠠᠷᠠᠭ᠎ᠠ 2025 ᠣᠨ᠎ᠤ 5 ᠰᠠᠷ᠎ᠠ᠎ᠶᠢᠨ 14᠎ᠦ ᠡᠳᠦᠷ᠎ᠡᠴᠡ 2025 ᠣᠨ᠎ᠤ 5 ᠰᠠᠷ᠎ᠠ᠎ᠶᠢᠨ 28᠎ᠤ ᠡᠳᠦᠷ ᠪᠣᠯᠲᠠᠯ᠎ᠠ ᠪᠦᠬᠦ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢᠨ ᠲᠦᠷᠦᠯ ᠵᠦᠢᠯ᠎ᠦᠨ ᠣᠷᠴᠢᠨ ᠲᠣᠭᠣᠷᠢᠨ᠎ᠤ ᠮᠡᠳᠡᠭᠡ ᠵᠠᠩᠭᠢ᠎ᠶᠢ ᠢᠯᠡ ᠨᠡᠶ᠋ᠢᠲᠡᠯᠡᠬᠦ ᠲᠠᠪᠴᠠᠩ᠎ᠳᠤ ᠰᠦᠯᠵᠢᠶᠡᠨ᠎ᠦ ᠬᠡᠯᠪᠡᠷᠢ᠎ᠪᠡᠷ ᠬᠣᠶᠠᠳᠠᠬᠢ ᠤᠳᠠᠭ᠎ᠠ ᠢᠯᠡ ᠨᠡᠶ᠋ᠢᠲᠡᠯᠡᠪᠡ ( ᠰᠠᠨᠠᠯ ᠬᠤᠷᠢᠶᠠᠬᠤ ᠡᠬᠡ ᠨᠤᠤᠷᠠᠭ᠎ᠢ ᠢᠯᠡ ᠨᠡᠶ᠋ᠢᠲᠡᠯᠡᠪᠡ )᠃ 2025 ᠣᠨ᠎ᠤ 5 ᠰᠠᠷ᠎ᠠ᠎ᠶᠢᠨ 15᠎ᠤ ᠡᠳᠦᠷ ᠪᠣᠯᠤᠨ 2025 ᠣᠨ᠎ᠤ 5 ᠰᠠᠷ᠎ᠠ᠎ᠶᠢᠨ 20᠎ᠤ ᠡᠳᠦᠷ ᠤᠮᠠᠷᠠᠲᠤ᠎ᠶᠢᠨ ᠰᠢᠨ᠎ᠡ ᠰᠣᠨᠢᠨ᠎ᠳᠤ ᠲᠤᠰ ᠢᠨᠵᠧᠨᠧᠷᠢᠩ᠎ᠦᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠬᠣᠶᠠᠳᠤᠭᠠᠷ ᠤᠳᠠᠭ᠎ᠠ ᠢᠯᠡ ᠨᠡᠶ᠋ᠢᠲᠡᠯᠡᠭᠰᠡᠨ᠎ᠦ ᠬᠠᠮᠲᠤ ᠵᠠᠮ ᠱᠤᠭᠤᠮ᠎ᠤᠨ ᠤᠢ᠍ᠢᠷ᠎ᠠ ᠬᠠᠪᠢ᠎ᠶᠢᠨ ᠲᠣᠰᠬᠣᠨ᠎ᠳᠤ ᠠᠯᠪᠠᠨ ᠵᠠᠷ ᠨᠠᠭᠠᠵᠤ᠂ ᠤᠯᠠᠨ ᠨᠡᠶ᠋ᠢᠲᠡ᠎ᠶᠢᠨ ᠲᠤᠰ ᠢᠨᠵᠧᠨᠧᠷᠢᠩ᠎ᠦᠨ ᠪᠦᠳᠦᠬᠡᠨ ᠪᠠᠶ᠋ᠢᠭᠤᠯᠤᠯᠲᠠ᠎ᠶᠢᠨ ᠲᠤᠬᠠᠢ ᠰᠠᠨᠠᠯ᠎ᠢ ᠬᠤᠷᠢᠶᠠᠪᠠ᠃ 2025 ᠣᠨ᠎ᠤ 4 ᠰᠠᠷ᠎ᠠ᠎ᠠᠴᠠ 2025 ᠣᠨ᠎ᠤ 5 ᠰᠠᠷ᠎ᠠ ᠪᠣᠯᠲᠠᠯ᠎ᠠ᠂ ᠮᠠᠨ᠎ᠤ ᠪᠠᠶ᠋ᠢᠭᠤᠯᠭ᠎ᠠ᠎ᠶᠢᠨ ᠬᠢᠨ ᠰᠢᠨ᠎ᠡ ᠲᠣᠭᠣᠷᠢᠭ᠋᠎ᠤᠨ ᠤᠮᠠᠷᠠᠲᠤ᠎ᠶᠢᠨ 500 ᠺᠢᠯᠤᠸᠤᠯᠲ᠎ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠳᠦ ᠴᠢᠭᠯᠡᠭᠦᠯᠦᠨ ᠬᠣᠶᠠᠷ ᠤᠳᠠᠭ᠎ᠠ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢᠨ ᠦᠨᠡᠯᠡᠯᠲᠡ᠎ᠳᠦ ᠤᠯᠠᠨ ᠲᠦᠮᠡᠨ᠎ᠢ ᠣᠷᠣᠯᠴᠠᠭᠤᠯᠬᠤ᠎ᠶᠢᠨ ᠬᠠᠮᠳᠤ ᠢᠯᠡ ᠨᠡᠢᠳᠡᠯᠡᠪᠡ᠃ ᠢᠯᠡ ᠨᠡᠢᠳᠡᠯᠡᠬᠦ ᠬᠤᠭᠤᠴᠠᠭᠠᠨ᠎ᠳᠤ ᠤᠯᠠᠨ ᠲᠦᠮᠡᠨ ᠪᠣᠯᠤᠨ ᠪᠤᠰᠤᠳ ᠪᠦᠯᠬᠦᠮ᠎ᠦᠨ ᠬᠢᠨ᠎ᠦ ᠰᠠᠨᠠᠯ᠎ᠤᠨ ᠬᠠᠷᠢᠭᠤ ᠲᠤᠰᠬᠠᠯ᠎ᠢ ᠣᠯᠤᠭᠰᠠᠨ ᠦᠭᠡᠢ᠃
      ᠲᠥᠷᠥᠯ ᠵᠦᠶ᠋ᠯ᠎ᠢ ᠢᠯᠡ ᠨᠡᠶ᠋ᠢᠲᠡᠯᠡᠬᠦ ᠴᠠᠭ ᠨᠢ 2025 ᠣᠨ᠎ᠤ 7 ᠰᠠᠷ᠎ᠠ᠎ᠶᠢᠨ 29᠎ᠦ ᠡᠳᠦᠷ ᠪᠣᠯᠤᠨ᠎ᠠ᠃ ᠬᠡᠷᠪᠡ ᠲᠥᠷᠥᠯ ᠵᠦᠢᠯ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠢ ᠬᠢᠨᠠᠨ ᠵᠥᠪᠰᠢᠶᠡᠷᠡᠬᠦ᠎ᠳᠦ ᠣᠨᠳᠣᠣ ᠰᠠᠨᠠᠯ᠎ᠲᠠᠢ ᠪᠠᠶ᠋ᠢᠪᠠᠯ᠂ ᠢᠯᠡ ᠨᠡᠶ᠋ᠢᠲᠡᠯᠡᠬᠦ ᠴᠠᠭ᠎ᠤᠨ ᠳᠣᠲᠣᠷ᠎ᠠ ᠮᠠᠨ᠎ᠤ ᠲᠢᠩᠬᠢᠮ᠎ᠳᠦ ᠰᠠᠨᠠᠯ᠎ᠢᠶᠠᠨ ᠲᠤᠰᠬᠠᠬᠤ ᠪᠤᠶᠤ ᠪᠢᠴᠢᠭ᠎ᠢᠶᠡᠷ ᠰᠠᠨᠠᠯ᠎ᠢᠶᠠᠨ ᠳᠤᠷᠠᠳᠴᠤ ᠪᠣᠯᠤᠨ᠎ᠠ᠃
      ᠬᠠᠷᠢᠯᠴᠠᠬᠤ ᠤᠲᠠᠰᠤ ᠄ 0471-4632071
      ᠬᠠᠶᠢᠭ᠋ ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠋᠎ᠤᠨ ᠲᠸᠩ ᠹᠸᠢ ᠵᠠᠮ᠎ᠤᠨ 39 ᠳ᠋ᠦ᠍ᠭᠡᠷ ᠨᠣᠮᠧᠷ
      ᠰᠢᠦᠳᠠᠨ ᠳ᠋ᠤᠭᠠᠷ ᠄ 010011

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号