ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠪᠠᠭᠠᠷᠢᠨ ᠪᠠᠷᠠᠭᠤᠨ ᠬᠣᠰᠢᠭᠤᠨ᠎ᠤ ᠹᠧᠩ ᠯᠠᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ᠎ᠶᠢᠨ ᠤᠯᠠᠭᠠᠨᠬᠠᠳᠠ᠎ᠶᠢᠨ ᠪᠠᠭᠠᠷᠢᠨ᠎ᠤ 100 ᠲᠦᠮᠡᠨ ᠺᠢᠯᠣᠸᠠᠲ/ 400 ᠲᠦᠮᠡᠨ ᠺᠢᠯᠣᠸᠠᠲ᠎ᠤᠨ ᠴᠠᠭ᠎ᠤᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶᠢᠨ ᠲᠥᠷᠥᠯ ᠵᠦᠢᠯ ( 500 ᠺᠢᠯᠣᠸᠠᠲ᠎ᠤᠨ ᠬᠦᠴᠦᠳᠡᠯ ᠳᠡᠭᠡᠭᠰᠢᠯᠡᠭᠦᠯᠬᠦ ᠥᠷᠲᠡᠭᠡ )᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠢᠴᠢᠭ ᠮᠠᠲᠧᠷᠢᠶᠠᠯ ( ᠰᠠᠴᠤᠷᠠᠭ᠎ᠤᠨ ᠲᠥᠷᠥᠯ)᠎ᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠬᠢᠨᠠᠨ ᠵᠥᠪᠰᠢᠶᠡᠷᠡᠬᠦ ᠲᠤᠬᠠᠢ ᠢᠯᠡ ᠨᠡᠢᠲᠡᠯᠡᠯ
ᠨᠡᠶ᠋ᠢᠲᠡᠯᠡᠭᠰᠡᠨ ᠴᠠᠭ᠄ 2025-05-01

 ᠲᠥᠷᠥᠯ ᠵᠦᠢᠯ᠎ᠦᠨ ᠨᠡᠷᠡᠢᠳᠦᠯ ᠄ ᠪᠠᠭᠠᠷᠢᠨ ᠪᠠᠷᠠᠭᠤᠨ ᠬᠣᠰᠢᠭᠤᠨ᠎ᠤ ᠹᠧᠩ ᠯᠠᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ᠎ᠶᠢᠨ ᠤᠯᠠᠭᠠᠨᠬᠠᠳᠠ᠎ᠶᠢᠨ ᠪᠠᠭᠠᠷᠢᠨ᠎ᠦ 100 ᠲᠦᠮᠡᠨ ᠺᠢᠯᠣᠸᠠᠲ/400 ᠲᠦᠮᠡᠨ ᠺᠢᠯᠣᠸᠠᠲ᠎ᠤᠨ ᠴᠠᠭ᠎ᠤᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶᠢᠨ ᠲᠥᠷᠥᠯ ᠵᠦᠢᠯ ( 500 ᠺᠢᠯᠣᠸᠠᠲ᠎ᠤᠨ ᠬᠦᠴᠦᠳᠡᠯ ᠳᠡᠭᠡᠭᠰᠢᠯᠡᠭᠦᠯᠬᠦ ᠥᠷᠲᠡᠭᠡ )

 ᠪᠦᠲᠦᠭᠡᠨ ᠪᠠᠶ᠋ᠢᠭᠤᠯᠬᠤ ᠭᠠᠵᠠᠷ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠬᠢᠯᠢ ᠳᠣᠲᠣᠷ᠎ᠠ

 ᠪᠦᠲᠦᠭᠡᠨ ᠪᠠᠢᠭᠤᠯᠤᠯᠲᠠ᠎ᠶᠢᠨ ᠨᠢᠭᠡᠴᠢ ᠄ ᠪᠠᠭᠠᠷᠢᠨ ᠪᠠᠷᠠᠭᠤᠨ ᠬᠣᠰᠢᠭᠤᠨ᠎ᠤ ᠹᠧᠩ ᠯᠠᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ
 ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠᠢᠭᠤᠯᠤᠮᠵᠢ ᠄ ᠥᠪᠥᠷ ᠮᠣᠩᠭᠣᠯ᠎ᠤᠨ ᠢ ᠨᠧᠩ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ

 ᠲᠥᠷᠥᠯ ᠵᠦᠢᠯ᠎ᠦᠨ ᠲᠣᠢᠮᠣ᠌ ᠪᠠᠢᠳᠠᠯ ᠄ ᠬᠦᠴᠦᠳᠡᠯ ᠳᠡᠭᠡᠭᠰᠢᠯᠡᠭᠦᠯᠬᠦ ᠥᠷᠲᠡᠭᠡ᠎ᠶᠢ ᠰᠢᠨ᠎ᠡ᠎ᠪᠡᠷ ᠪᠠᠢᠭᠤᠯᠵᠤ ᠂ ᠴᠠᠬᠢᠯᠭᠠᠨ ᠬᠦᠴᠦᠳᠡᠯ᠎ᠦᠨ ᠲᠠᠰ ᠨᠢ 500kV ᠪᠠᠢᠵᠤ ᠂ ᠥᠷᠲᠡᠭᠡᠨ᠎ᠦ ᠭᠠᠳᠠᠨ᠎ᠠ 3 ᠰᠠᠤᠷᠢ 380MVA ᠭᠣᠣᠯ ᠬᠦᠴᠦᠳᠡᠯ ᠥᠭᠡᠷᠡᠴᠢᠯᠡᠭᠴᠢ᠎ᠶᠢ ᠪᠠᠢᠷᠢᠯᠠᠭᠤᠯᠵᠤ ᠂ 500kV᠎ᠤᠨ 1ᠤᠲᠠᠰᠤ ᠲᠠᠲᠠᠨ᠎ᠠ᠃

 ᠤᠯᠠᠨ ᠲᠦᠮᠡᠨ ᠣᠷᠣᠯᠴᠠᠭᠰᠠᠨ ᠪᠠᠢᠳᠠᠯ ᠄ ᠪᠦᠲᠦᠭᠡᠨ ᠪᠠᠢᠭᠤᠯᠤᠯᠲᠠ᠎ᠶᠢᠨ ᠨᠢᠭᠡᠴᠢ 2025 ᠣᠨ᠎ᠤ 4 ᠰᠠᠷ᠎ᠠ᠎ᠶᠢᠨ 10᠎ᠤ ᠡᠳᠦᠷ ᠠᠩᠬ᠎ᠠ ᠤᠳᠠᠭ᠎ᠠ ᠪᠠᠭᠠᠷᠢᠨ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠦ ᠰᠦᠯᠵᠢᠶᠡᠨ ᠳᠡᠭᠡᠷ᠎ᠡ ᠢᠯᠡ ᠨᠡᠢᠲᠡᠯᠡᠪᠡ ᠃ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠰᠠᠨᠠᠯ ᠬᠤᠷᠢᠶᠠᠬᠤ ᠨᠣᠣᠷᠠᠭ᠎ᠢ ᠳᠠᠭᠤᠰᠬᠠᠭᠰᠠᠨ᠎ᠤ ᠳᠠᠷᠠᠭ᠎ᠠ ᠂ 2025 ᠣᠨ᠎ᠤ 5 ᠰᠠᠷ᠎ᠠ᠎ᠶᠢᠨ 20᠎ᠤ ᠡᠳᠦᠷ᠎ᠡᠴᠡ 2025 ᠣᠨ᠎ᠤ 6 ᠰᠠᠷ᠎ᠠ᠎ᠶᠢᠨ 3᠎ᠤ ᠡᠳᠦᠷ᠎ᠦᠨ ᠬᠣᠭᠣᠷᠣᠨᠳᠤ ᠂ ᠪᠠᠭᠠᠷᠢᠨ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠂ ᠤᠮᠠᠷᠠᠲᠤ᠎ᠶᠢᠨ ᠰᠢᠨ᠎ᠡ ᠰᠣᠨᠢᠨ ᠳᠡᠭᠡᠷ᠎ᠡ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠰᠠᠨᠠᠯ ᠬᠤᠷᠢᠶᠠᠬᠤ ᠨᠣᠣᠷᠠᠭ᠎ᠤᠨ ᠮᠡᠳᠡᠭᠡ ᠵᠠᠩᠭᠢ᠎ᠶᠢ ᠢᠯᠡ ᠨᠡᠢᠲᠡᠯᠡᠬᠦ᠎ᠶᠢᠨ ᠬᠠᠮᠲᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠭᠠᠵᠠᠷ᠎ᠲᠤ ᠠᠯᠪᠠᠨ ᠵᠠᠷ ᠨᠠᠭᠠᠬᠤ ᠬᠡᠯᠪᠡᠷᠢ᠎ᠪᠡᠷ ᠢᠯᠡ ᠨᠡᠢᠲᠡᠯᠡᠪᠡ ᠃

 ᠲᠥᠷᠥᠯ ᠵᠦᠢᠯ᠎ᠢ ᠢᠯᠡ ᠨᠡᠢᠲᠡᠯᠡᠬᠦ ᠴᠠᠭ ᠨᠢ 2025 ᠣᠨ᠎ᠤ 7 ᠰᠠᠷ᠎ᠠ᠎ᠶᠢᠨ 29᠎ᠦ ᠡᠳᠦᠷ ᠪᠣᠯᠣᠨ᠎ᠠ ᠃ ᠬᠡᠷᠪᠡ ᠲᠥᠷᠥᠯ ᠵᠦᠢᠯ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠢ ᠬᠢᠨᠠᠨ ᠵᠥᠪᠰᠢᠶᠡᠷᠡᠬᠦ᠎ᠳᠦ ᠣᠨᠳᠣᠣ ᠰᠠᠨᠠᠯ᠎ᠲᠠᠢ ᠪᠠᠢᠪᠠᠯ ᠂ ᠢᠯᠡ ᠨᠡᠢᠲᠡᠯᠡᠬᠦ ᠴᠠᠭ᠎ᠤᠨ ᠳᠣᠲᠣᠷ᠎ᠠ ᠮᠠᠨ᠎ᠤ ᠲᠢᠩᠬᠢᠮ᠎ᠳᠦ ᠰᠠᠨᠠᠯ᠎ᠢᠶᠠᠨ ᠲᠤᠰᠬᠠᠬᠤ ᠪᠤᠶᠤ ᠪᠢᠴᠢᠭ᠎ᠢᠶᠡᠷ ᠰᠠᠨᠠᠯ᠎ᠢᠶᠠᠨ ᠳᠤᠷᠠᠳᠴᠤ ᠪᠣᠯᠣᠨ᠎ᠠ ᠃

 ᠬᠠᠷᠢᠯᠴᠠᠬᠤ ᠤᠲᠠᠰᠤ ᠄ 0471-4632071

 ᠬᠠᠶᠢᠭ᠋ ᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ

 ᠰᠢᠤᠳᠠᠨ ᠳ᠋ᠤᠭᠠᠷ ᠄ 010011

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号