ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 30 ᠤ ᠡᠳᠦᠷ᠎ᠤᠨ ᠮᠡᠳᠡᠭᠡ ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠢᠭᠤᠯᠬᠤ᠎ᠶ᠋ᠢ ᠬᠡᠷᠡᠭ᠌ᠵᠢᠭᠦᠯᠬᠦ᠌ ᠲᠥᠰᠦᠯ》 ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
《ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠢᠭᠤᠯᠬᠤ᠎ᠶ᠋ᠢ ᠬᠡᠷᠡᠭ᠌ᠵᠢᠭᠦᠯᠬᠦ᠌ ᠲᠥᠰᠦᠯ》 ᠤᠨ ᠪᠥᠬᠦ᠌ ᠠᠭᠤᠯᠭ᠎ᠠ᠎ᠨᠢ ᠳᠣᠥᠷᠠᠬᠢ ᠮᠡᠲᠦ᠍᠄
ᠠᠮᠤ ᠪᠤᠳᠠᠭᠠᠨ᠎ᠤ ᠠᠮᠤᠷ ᠲᠦᠪᠱᠢᠨ ᠪᠣᠯ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ ᠮᠥᠨ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠶ᠋ᠢᠨ ᠦᠨᠳᠦᠰᠦ᠎ᠨᠢ ᠲᠠᠷᠢᠶᠠᠨ ᠭᠠᠵᠠᠷ᠎ᠲᠤ ᠪᠤᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠳᠦᠭᠡᠨ ᠪᠠᠢᠭᠤᠯᠬᠤ ᠪᠣᠯ ᠨᠢᠭᠡᠨ ᠴᠢᠬᠤᠯᠠ ᠭᠠᠷᠳᠠᠴᠠ ᠪᠣᠯᠤᠨ᠎ᠠ᠃ ᠨᠥᠬᠦᠴᠡᠯ ᠪᠦᠷᠢᠯᠳᠦᠭᠦᠯᠦᠭ᠌ᠰᠡᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠠᠯᠬᠤᠮ ᠠᠯᠬᠤᠮ᠎ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠲᠣᠰ ᠲᠥᠰᠦᠯ᠎ᠢ ᠲᠣᠭ᠍ᠲᠠᠭᠠᠪᠠ᠃
ᠨᠢᠭᠡ᠂ ᠶᠡᠷᠦᠩᠬᠡᠶ ᠱᠠᠭᠠᠷᠳᠠᠯᠭ᠎ᠠ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠭᠦᠢᠴᠡᠳ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠠᠮᠤ ᠪᠤᠳᠠᠭ᠎ᠠ᠎ᠶ᠋ᠢ ᠭᠠᠵᠠᠷ ᠱᠢᠷᠣᠶ᠎ᠳᠤ ᠲᠦᠱᠢᠭ᠌ᠯᠡᠬᠦ᠂ ᠠᠮᠤ ᠪᠤᠳᠠᠭ᠎ᠠ᠎ᠶ᠋ᠢ ᠮᠡᠷᠭᠡᠵᠢᠯ᠎ᠳᠤ ᠲᠦᠱᠢᠭ᠌ᠯᠡᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠱᠢᠯᠭᠠᠨ ᠠᠪᠬᠤ᠂ ᠬᠠᠮᠢᠶᠠᠷᠴᠤ᠌ ᠬᠠᠮᠠᠭᠠᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠂ ᠪᠦᠳᠦᠭᠡᠨ ᠪᠠᠢᠭᠤᠯᠬᠤ ᠴᠠᠭ᠎ᠤᠨ ᠳᠠᠷᠠᠭᠠᠯᠠᠯ᠎ᠢ ᠲᠣᠳᠣᠷᠬᠠᠢᠯᠠᠵᠤ᠂ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠱᠢᠨ᠎ᠡ᠎ᠪᠠᠷ ᠪᠠᠢᠭᠤᠯᠬᠤ ᠪᠠ ᠥᠭᠡᠷᠡᠴᠢᠯᠡᠨ ᠪᠠᠢᠭᠤᠯᠬᠤ᠎ᠶ᠋ᠢ ᠵᠡᠷᠭᠡ᠎ᠪᠠᠷ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ᠂ ᠪᠦᠳᠦᠭᠡᠨ ᠪᠠᠢᠭᠤᠯᠬᠤ ᠪᠠ ᠬᠠᠮᠢᠶᠠᠷᠴᠤ᠌ ᠬᠠᠮᠠᠭᠠᠯᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠡᠶᠡᠯᠡᠭᠦᠯᠵᠦ᠍᠂ ᠨᠥᠬᠦᠴᠡᠯ ᠪᠦᠷᠢᠯᠳᠦᠭᠦᠯᠦᠭ᠌ᠰᠡᠨ ᠲᠠᠷᠢᠶᠠᠨ ᠭᠠᠵᠠᠷ ᠢᠯᠠᠩᠭᠤᠶ᠎ᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠲᠠᠷᠢᠶᠠᠯᠠᠬᠤ᠎ᠳᠤ ᠲᠤᠬᠢᠷᠠᠬᠤ᠂ ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠬᠤ᠂ ᠥᠨᠳᠥᠷ ᠲᠣᠭ᠍ᠲᠠᠭᠤᠨ ᠬᠤᠷᠢᠶᠠᠯᠲᠠ᠎ᠲᠠᠢ ᠣᠳᠣᠬᠢᠴᠢᠯᠠᠭ᠍ᠰᠠᠨ ᠰᠠᠢᠨ ᠲᠠᠷᠢᠶᠠᠨ ᠭᠠᠵᠠᠷ ᠪᠣᠯᠭᠠᠨ ᠪᠦᠳᠦᠭᠡᠨ ᠪᠠᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠤ ᠰᠠᠭᠤᠷᠢ᠎ᠶ᠋ᠢ ᠤᠯᠠᠮ ᠨᠢᠭᠡ ᠠᠯᠬᠤᠮ ᠪᠠᠲᠤᠳᠭᠠᠨ᠎ᠠ᠃
ᠭᠤᠥᠯ ᠬᠠᠷᠠᠯᠲᠠ ᠪᠣᠯ᠄ 2030 ᠣᠨ ᠪᠣᠯᠬᠤ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 13.5 ᠳ᠋ᠦᠩᠱᠢᠭᠤᠷ ᠮᠥ᠍ ᠪᠠᠢᠭᠤᠯᠵᠤ᠂ ᠨᠡᠢᠲᠡ 2.8 ᠳ᠋ᠦᠩᠱᠢᠭᠤᠷ ᠮᠥ᠍ ᠥᠭᠡᠷᠡᠴᠢᠯᠡᠨ ᠳᠡᠭᠡᠭ᠌ᠰᠢᠯᠡᠭᠦᠯᠵᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢ ᠨᠢᠭᠡᠳᠦᠯᠲᠡᠶ ᠲᠥᠯᠥᠪᠯᠡᠨ᠂ ᠵᠡᠷᠭᠡ᠎ᠪᠠᠷ ᠬᠡᠷᠡᠭ᠌ᠵᠢᠭᠦᠯᠵᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠯᠠᠪᠠᠶ᠎ᠶ᠋ᠢ 8000 ᠲᠦᠮᠡᠨ ᠮᠥ᠍ ᠱᠢᠨ᠎ᠡ᠎ᠪᠠᠷ ᠨᠡᠮᠡᠭ᠌ᠳᠡᠭᠦᠯᠦᠨ᠎ᠡ; 2035 ᠣᠨ ᠪᠣᠯᠬᠤ᠎ᠳᠤ᠂ ᠨᠥᠬᠦᠴᠡᠯ ᠪᠦᠷᠢᠯᠳᠦᠭᠦᠯᠦᠭ᠌ᠰᠡᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠢᠭᠤᠯᠵᠤ᠂ ᠨᠡᠢᠲᠡ 4.55 ᠳ᠋ᠦᠩᠱᠢᠭᠤᠷ ᠮᠥ᠍ ᠥᠭᠡᠷᠡᠴᠢᠯᠡᠨ ᠳᠡᠭᠡᠭ᠌ᠰᠢᠯᠡᠭᠦᠯᠵᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠯᠠᠪᠠᠶ᠎ᠶ᠋ᠢ 1.3 ᠳ᠋ᠦᠩᠱᠢᠭᠤᠷ ᠮᠥ᠍ ᠱᠢᠨ᠎ᠡ᠎ᠪᠠᠷ ᠨᠡᠮᠡᠭ᠌ᠳᠡᠭᠦᠯᠬᠦ᠌᠎ᠪᠠᠷ ᠴᠢᠷᠮᠠᠢᠨ᠎ᠠ᠃
ᠬᠤᠶᠠᠷ᠂ ᠪᠥᠳᠥᠭᠡᠨ ᠪᠠᠢᠭᠤᠯᠤᠯᠲᠠ᠎ᠶ᠋ᠢᠨ ᠲᠤᠬᠢᠷᠠᠭᠤᠯᠤᠯᠳᠠ
(ᠨᠢᠭᠡ) ᠪᠥᠳᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠃ 《ᠨᠢᠭᠡ᠎ᠶ᠋ᠢ ᠲᠡᠭ᠌ᠰᠢᠯᠡᠬᠦ᠌》 (ᠲᠠᠷᠢᠶᠠᠨ ᠭᠠᠵᠠᠷ᠎ᠢ ᠲᠡᠭ᠌ᠰᠢᠯᠡᠬᠦ᠌)᠂ 《ᠬᠤᠶᠠᠷ᠎ᠢ ᠨᠡᠪᠲᠡᠷᠡᠭᠦᠯᠬᠦ᠌》 (ᠤᠰᠤ ᠪᠠ ᠵᠠᠮ ᠨᠡᠪᠳᠡᠷᠡᠬᠦᠯᠬᠦ᠌)᠂ 《ᠭᠤᠷᠪᠠ᠎ᠶ᠋ᠢ ᠳᠡᠭᠡᠭ᠌ᠰᠢᠯᠡᠭᠦᠯᠬᠦ᠌》 (ᠭᠠᠵᠠᠷ᠎ᠤᠨ ᠱᠢᠮ᠎ᠡ᠂ ᠭᠠᠷᠤᠯᠲᠠ᠂ ᠦᠷ᠎ᠡ ᠠᠱᠢᠭ᠎ᠢ ᠳᠡᠭᠡᠭ᠌ᠰᠢᠯᠡᠭᠦᠯᠬᠦ᠌) ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ ᠪᠠ ᠣᠷᠣᠭᠤᠯᠤᠯᠲᠠ᠎ᠶ᠋ᠢᠨ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠨ᠎ᠠ᠃ ᠤᠯᠤᠰ᠎ᠤᠨ ᠪᠠᠷᠢᠮᠵᠢᠶ᠎ᠠ᠎ᠳᠤ ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠬᠤ᠂ ᠭᠠᠮᠱᠢᠭ᠎ᠲᠠᠢ ᠲᠡᠮᠡᠴᠡᠵᠦ᠍ ᠭᠠᠮᠱᠢᠭ᠎ᠢ ᠪᠠᠭᠠᠰᠭᠠᠬᠤ᠂ ᠦᠢᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠰᠠᠭᠤᠷᠢ ᠴᠢᠨᠠᠷᠲᠠᠢ᠂ ᠨᠡᠢᠳᠡᠮ ᠬᠡᠷᠡᠭ᠌ᠯᠡᠬᠦ᠌ ᠴᠢᠨᠠᠷᠲᠠᠢ ᠱᠠᠭᠠᠷᠳᠠᠯᠭ᠎ᠠ᠎ᠶ᠋ᠢ ᠲᠤᠪᠤᠢᠯᠭᠠᠵᠦ᠍᠂ ᠮᠤᠵᠢ᠎ᠶ᠋ᠢᠨ ᠱᠠᠲᠤᠨ᠎ᠤ ᠲᠠᠯ᠎ᠠ᠎ᠠᠴᠠ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ᠂ ᠤᠰᠤᠯᠠᠵᠤ ᠤᠰᠤ ᠵᠠᠯᠠᠬᠤ ᠲᠥᠬᠦᠭᠡᠷᠦᠮᠵᠢ᠂ ᠲᠠᠷᠢᠶᠠᠨ ᠭᠠᠵᠠᠷ᠎ᠤᠨ ᠵᠠᠮ᠂ ᠭᠠᠵᠠᠷ᠎ᠤᠨ ᠬᠦᠴᠦ᠍᠎ᠶ᠋ᠢ ᠳᠡᠭᠡᠭ᠌ᠰᠢᠯᠡᠭᠦᠯᠬᠦ᠌ ᠵᠡᠷᠭᠡ ᠪᠣᠳᠠᠲᠠᠢ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠤᠨ ᠲᠣᠭ᠍ᠲᠠᠭᠠᠵᠤ᠂ ᠬᠤᠳᠠ ᠱᠢᠶᠠᠨ᠎ᠤ ᠱᠠᠲᠤᠨ᠎ᠤ ᠲᠠᠯ᠎ᠠ᠎ᠠᠴᠠ ᠳᠥᠭᠦᠮ ᠳᠥᠲᠡ ᠬᠡᠷᠡᠭ᠌ᠵᠢᠭᠦᠯᠬᠦ᠌᠎ᠳᠤ ᠬᠢᠯᠪᠠᠷ᠂ ᠬᠢᠯᠪᠠᠷ ᠣᠢᠯᠠᠭᠠᠮᠵᠢᠲᠠᠢ᠂ ᠬᠡᠷᠡᠭ᠌ᠵᠢᠭᠦᠯᠬᠦ᠌ ᠴᠢᠨᠠᠷ᠎ᠢᠶᠠᠷ ᠴᠢᠩᠭ᠎ᠠ ᠬᠡᠷᠡᠭ᠌ᠵᠢᠭᠦᠯᠬᠦ᠌ ᠨᠠᠷᠢᠨ ᠲᠦᠷᠢᠮ᠎ᠢ ᠲᠣᠭ᠍ᠲᠠᠭᠠᠵᠤ᠂ ᠲᠡᠰ ᠳᠠᠪᠬᠤᠷᠭ᠎ᠠ ᠲᠣᠳᠣᠷᠬᠠᠢ᠂ ᠳᠡᠭᠡᠳᠦ ᠲᠤᠤᠷᠠᠳᠤ ᠱᠠᠳᠤ᠎ᠶ᠋ᠢ ᠵᠣᠯᠭᠠᠭᠤᠯᠤᠭ᠍ᠰᠠᠨ᠂ ᠪᠣᠳᠠᠲᠠᠢ᠎ᠶ᠋ᠢ ᠡᠷᠬᠢᠮᠯᠡᠭ᠌ᠰᠡᠨ ᠪᠥᠭᠡᠳ ᠲᠤᠰᠠᠲᠠᠢ ᠪᠠᠷᠢᠮᠵᠢᠶ᠎ᠠ᠎ᠶ᠋ᠢᠨ ᠱᠢᠰᠲ᠋ᠧᠮ᠎ᠢ ᠪᠦᠷᠢᠯᠳᠦᠬᠦᠯᠦᠨ᠎ᠡ᠃
(ᠬᠤᠶᠠᠷ) ᠪᠥᠲᠥᠭᠡᠨ ᠪᠠᠢᠭᠤᠯᠤᠯᠲᠠ᠎ᠶ᠋ᠢᠨ ᠠᠭᠤᠯᠭ᠎ᠠ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠳᠥᠯᠭᠢᠨ ᠠᠬᠢᠭᠤᠯᠵᠤ᠂ ᠲᠠᠷᠢᠶᠠᠨ ᠭᠠᠵᠠᠷ᠂ ᠱᠢᠷᠣᠶ᠂ ᠤᠰᠤ᠂ ᠵᠠᠮ᠂ ᠣᠶ ᠱᠢᠭᠤᠶ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠨᠢᠭᠡᠳᠦᠯᠲᠡᠶ ᠲᠥᠯᠥᠪᠯᠡᠨ ᠥᠷᠨᠢᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠭᠤᠥᠯᠳᠠᠯᠭ᠎ᠠ᠎ᠶ᠋ᠢ ᠲᠠᠷᠢᠶᠠᠨ ᠭᠠᠵᠠᠷ᠎ᠲᠤ ᠲᠠᠯᠪᠢᠨ᠎ᠠ᠃ ᠱᠢᠨ᠎ᠡ᠎ᠪᠠᠷ ᠪᠠᠢᠭᠤᠯᠬᠤ ᠲᠥᠷᠥᠯ ᠵᠦᠶ᠋ᠯ᠎ᠳᠤ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ᠂ ᠲᠠᠷᠢᠶᠠᠨ ᠭᠠᠵᠠᠷ᠎ᠤᠨ ᠤᠰᠤᠯᠠᠵᠤ ᠤᠰᠤ ᠵᠠᠯᠠᠬᠤ ᠱᠢᠰᠲ᠋ᠧᠮᠵᠢ᠂ ᠲᠠᠷᠢᠶᠠᠨ ᠭᠠᠵᠠᠷ᠎ᠤᠨ ᠵᠠᠮ ᠪᠠ ᠴᠠᠬᠢᠯᠭᠠᠨ ᠬᠦᠴᠦᠨ᠎ᠤ ᠪᠡᠯᠡᠳᠭᠡᠮᠵᠢ᠎ᠶ᠋ᠢ ᠢᠵᠢ ᠪᠥᠷᠢᠳᠦᠭᠦᠯᠬᠦ᠌ ᠵᠡᠷᠭᠡ ᠰᠠᠭᠤᠷᠢ ᠪᠥᠲᠥᠭᠡᠨ ᠪᠠᠢᠭᠤᠯᠤᠯᠲᠠ᠎ᠶ᠋ᠢ ᠤᠷᠢᠳᠠᠪᠠᠷ ᠥᠷᠨᠢᠭᠦᠯᠵᠦ᠍᠂ ᠲᠠᠷᠢᠶᠠᠨ ᠭᠠᠵᠠᠷ᠎ᠤᠨ ᠤᠰᠤ ᠱᠢᠷᠣᠶ ᠪᠣᠷᠲᠣᠭᠤᠷ ᠬᠠᠳᠠᠭᠠᠯᠠᠬᠤ ᠴᠢᠳᠠᠪᠤᠷᠢ᠂ ᠭᠠᠩ ᠤᠰᠤᠲᠤᠯ᠎ᠤᠨ ᠭᠠᠮᠱᠢᠭ᠎ᠢ ᠡᠰᠡᠷᠭᠦᠴᠡᠬᠦ᠌ ᠴᠢᠳᠠᠪᠤᠷᠢ᠂ ᠮᠠᠱᠢᠨᠴᠢᠯᠠᠭ᠍ᠰᠠᠨ ᠲᠠᠷᠢᠶᠠᠯᠠᠭ᠎ᠠ᠎ᠶ᠋ᠢᠨ ᠳᠥᠭᠦᠮ ᠳᠥᠲᠡ ᠬᠢᠷᠢ ᠬᠡᠮᠵᠢᠶ᠎ᠡ᠎ᠶ᠋ᠢ ᠬᠦᠴᠦᠯᠡᠨ ᠳᠡᠭᠡᠭ᠌ᠰᠢᠯᠡᠭᠦᠯᠦᠨ᠎ᠡ; ᠥᠭᠡᠷᠡᠴᠢᠯᠡᠨ ᠳᠡᠭᠡᠭ᠌ᠰᠢᠯᠡᠭᠦᠯᠬᠦ᠌ ᠲᠥᠷᠥᠯ ᠵᠦᠢᠯᠡᠰ᠎ᠲᠤ ᠶᠠᠭᠤ ᠲᠤᠳᠠᠭ᠍ᠳᠠᠪᠠᠯ ᠶᠠᠭᠤ᠎ᠶ᠋ᠢ ᠨᠥᠬᠦᠪᠥᠷᠢᠯᠡᠬᠦ᠌ ᠵᠠᠷᠴᠢᠮ ᠶᠣᠰᠣᠭᠠᠷ᠂ ᠲᠠᠷᠢᠶᠠᠨ ᠭᠠᠵᠠᠷ᠎ᠤᠨ ᠲᠥᠬᠦᠭᠡᠷᠦᠮᠵᠢ᠎ᠶ᠋ᠢᠨ ᠳᠤᠲᠠᠭᠤᠳᠠᠯ ᠪᠠᠭᠤᠷᠠᠢ ᠵᠦᠢᠯᠡᠰ᠎ᠢ ᠨᠥᠬᠦᠪᠥᠷᠢᠯᠡᠨ᠎ᠡ᠃ ᠭᠠᠵᠠᠷ ᠱᠢᠷᠣᠶ᠎ᠶ᠋ᠢ ᠳᠦᠭᠦᠷᠭᠡᠬᠦ᠂ ᠬᠥᠷᠥᠰᠥ᠍ ᠱᠢᠷᠣᠶ᠎ᠶ᠋ᠢ ᠰᠠᠯᠭᠠᠵᠤ ᠡᠭᠡᠭᠦᠯᠦᠨ ᠪᠥᠭ᠌ᠯᠡᠬᠦ᠌ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠭᠠᠵᠠᠷ ᠱᠢᠷᠣᠶ᠎ᠶ᠋ᠢ ᠲᠡᠭ᠌ᠰᠢᠯᠡᠵᠦ᠍᠂ ᠲᠠᠷᠢᠶᠠᠨ ᠭᠠᠵᠠᠷ᠎ᠤᠨ ᠭᠠᠳᠠᠷᠭᠤ᠎ᠶ᠋ᠢᠨ ᠨᠠᠯᠠᠤ᠎ᠶ᠋ᠢᠨ ᠪᠠᠭᠤᠷᠠᠯᠲᠠ᠎ᠶ᠋ᠢ ᠵᠦᠢ ᠵᠣᠬᠢᠰᠲᠠᠶ᠎ᠪᠠᠷ ᠲᠣᠬᠢᠷᠠᠭᠤᠯᠵᠤ᠂ ᠲᠠᠷᠢᠶᠠᠨ ᠭᠠᠵᠠᠷ᠎ᠤᠨ ᠲᠠᠷᠢᠶᠠᠯᠠᠬᠤ ᠳᠠᠪᠬᠤᠷᠭ᠎ᠠ᠎ᠶ᠋ᠢ ᠰᠠᠢᠵᠢᠷᠠᠭᠤᠯᠤᠨ᠎ᠠ᠃ ᠡᠳᠦᠷ ᠲᠤᠳᠤᠮ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠲᠠᠢ ᠤᠶᠠᠯᠳᠤᠭᠤᠯᠤᠨ ᠬᠥᠷᠥᠰᠥ᠍ ᠱᠢᠷᠣᠶ᠎ᠶ᠋ᠢ ᠰᠠᠢᠵᠢᠷᠠᠭᠤᠯᠤᠨ ᠪᠣᠷᠳᠣᠬᠤ᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠦᠩ ᠱᠢᠮ᠎ᠡ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ᠃ ᠭᠠᠮᠱᠢᠭ᠎ᠠᠴᠠ ᠪᠤᠯᠵᠤ ᠰᠡᠷᠭᠡᠢᠯᠡᠯᠲᠡ ᠪᠠᠢᠷᠢᠯᠠᠭᠤᠯᠬᠤ᠎ᠳᠠᠭᠠᠨ ᠡᠷᠭᠢ ᠪᠡᠯᠢ ᠰᠡᠷᠭᠡᠢᠯᠡᠨ ᠬᠠᠮᠠᠭᠠᠯᠠᠬᠤ᠂ ᠰᠠᠯᠬᠢ ᠡᠯᠡᠰᠦ᠎ᠶ᠋ᠢ ᠰᠡᠷᠭᠡᠢᠯᠡᠬᠦ᠌ ᠵᠡᠷᠭᠡ ᠪᠠᠷᠢᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠵᠦᠢ ᠵᠣᠬᠢᠰᠲᠠᠶ ᠬᠡᠷᠡᠭ᠌ᠯᠡᠵᠦ᠍᠂ ᠲᠠᠷᠢᠶᠠᠨ ᠭᠠᠵᠠᠷ᠎ᠢ ᠰᠡᠷᠭᠡᠢᠯᠡᠨ ᠬᠠᠮᠠᠭᠠᠯᠠᠬᠤ ᠪᠠ ᠬᠥᠷᠥᠰᠥ᠍ ᠱᠢᠷᠣᠶ᠎ᠶ᠋ᠢ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠯᠲᠡ᠎ᠶ᠋ᠢᠨ ᠭᠤᠥᠯ ᠴᠣᠭ᠍ᠴᠠ᠎ᠶ᠋ᠢᠨ ᠤᠰᠤ ᠪᠣᠷᠳᠣᠭᠤᠷ᠎ᠢ ᠨᠢᠭᠡ ᠴᠤᠭ᠍ᠴᠠᠵᠢᠭᠤᠯᠬᠤ᠂ ᠣᠶᠤᠨᠴᠢ᠎ᠪᠠᠷ ᠤᠰᠤᠯᠠᠬᠤ᠂ ᠴᠢᠭᠢᠭ᠎ᠤᠨ ᠪᠠᠢᠳᠠᠯ ᠬᠤᠷᠣᠬᠠᠶ᠎ᠶ᠋ᠢᠨ ᠪᠠᠢᠳᠠᠯ᠎ᠢ ᠠᠦ᠋ᠲ᠋ᠣ᠋ ᠬᠢᠨᠠᠨ ᠬᠡᠮᠵᠢᠬᠦ᠂ ᠤᠶᠤᠨᠲᠤ ᠴᠠᠭ ᠠᠭᠤᠷ᠎ᠤᠨ ᠦᠶ᠋ᠯᠡᠴᠢᠯᠡᠭᠡ ᠵᠡᠷᠭᠡ ᠮᠡᠳᠡᠭᠡ ᠵᠠᠩᠬᠢᠴᠢᠯᠠᠯᠳᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶ᠎ᠡ᠎ᠪᠠᠨ ᠳᠠᠭᠠᠭᠠᠨ ᠠᠬᠢᠭᠤᠯᠬᠤ᠎ᠶ᠋ᠢ ᠵᠣᠷᠢᠭ᠍ᠵᠢᠭᠤᠯᠤᠨ᠎ᠠ᠃
(ᠭᠤᠷᠪᠠ) ᠪᠥᠲᠥᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠣᠷᠣᠨ ᠵᠠᠶ᠎ᠶ᠋ᠢᠨ ᠪᠠᠢᠷᠢᠱᠢᠯ ᠪᠠ ᠴᠠᠭ᠎ᠤᠨ ᠳᠠᠷᠠᠭᠠᠯᠠᠯ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠩ ᠲᠡᠷᠢᠭᠦᠨ᠎ᠳᠤ ᠵᠡᠭᠦᠨ ᠬᠤᠢᠲᠤ᠎ᠶ᠋ᠢᠨ ᠬᠠᠷ᠎ᠠ ᠱᠢᠷᠦ᠋ᠢᠲᠤ ᠭᠠᠵᠠᠷ ᠣᠷᠣᠨ᠂ ᠲᠠᠯ᠎ᠠ ᠭᠠᠵᠠᠷ᠎ᠤᠨ ᠭᠠᠵᠠᠷ ᠣᠷᠣᠨ᠂ ᠤᠰᠤᠨ ᠠᠱᠢᠭ᠍ᠯᠠᠯᠲᠠ᠎ᠶ᠋ᠢᠨ ᠤᠰᠤᠯᠠᠯᠲᠠ᠎ᠶ᠋ᠢᠨ ᠨᠥᠬᠦᠴᠡᠯ᠎ᠲᠠᠢ ᠭᠠᠵᠠᠷ ᠣᠷᠣᠨ ᠵᠢᠴᠢ ᠠᠮᠤ ᠪᠤᠳᠠᠭᠠᠨ᠎ᠤ ᠤᠨᠠᠯᠲᠠ᠎ᠪᠠᠷ ᠥᠨᠳᠥᠷ ᠪᠠ ᠤᠨᠠᠯᠲᠠ᠎ᠶ᠋ᠢ ᠨᠡᠮᠡᠭ᠌ᠳᠡᠭᠦᠯᠬᠦ᠌ ᠳᠠᠯᠳᠠ ᠬᠦᠴᠦᠨ᠎ᠢᠶᠠᠷ ᠶᠡᠭᠡ ᠭᠠᠵᠠᠷ ᠣᠷᠣᠨ᠎ᠳᠤ ᠪᠥᠲᠥᠭᠡᠨ ᠪᠠᠢᠭᠤᠯᠤᠯᠲᠠ ᠥᠷᠨᠢᠭᠦᠯᠦᠨ᠎ᠡ᠂ ᠬᠠᠷᠢᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠬᠢᠵᠠᠭᠠᠷᠯᠠᠭ᠍ᠳᠠᠬᠤ ᠥᠬᠡᠶ ᠪᠠᠢᠵᠤ ᠪᠣᠯᠤᠨ᠎ᠠ᠃ ᠠᠮᠢ ᠠᠬᠤᠶ᠎ᠶ᠋ᠢᠨ ᠬᠡᠪᠡᠷᠡᠭ ᠣᠷᠣᠨ᠂ ᠲᠡᠯᠡᠶ ᠳᠠᠭᠠᠸ᠋ ᠳᠣᠲᠣᠭᠠᠳᠤ ᠬᠠᠭᠤᠷᠠᠶ᠎ᠶ᠋ᠢᠨ ᠲᠠᠩ ᠭᠠᠵᠠᠷ ᠵᠡᠷᠭᠡ ᠣᠷᠣᠨ ᠪᠦᠰᠡ᠎ᠶ᠋ᠢ ᠴᠢᠩᠭ᠎ᠠ ᠬᠢᠵᠠᠭᠠᠷᠯᠠᠵᠤ᠂ 25 ᠭᠷᠠᠳᠦ᠋ᠰ᠎ᠠᠴᠠ ᠳᠡᠭᠡᠭ᠌ᠰᠢᠬᠢ ᠨᠠᠯᠠᠸᠶ᠋ᠢᠨ ᠲᠠᠷᠢᠶᠠᠨ ᠭᠠᠵᠠᠷ᠎ᠢ ᠴᠠᠭᠠᠵᠠᠯᠠᠵᠤ᠂ ᠲᠦᠰᠳᠡᠢ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ (ᠤᠯᠠᠭᠠᠨ ᠱᠤᠭᠤᠮ᠎ᠤᠨ ᠳᠣᠲᠣᠷ᠎ᠠ ᠲᠥᠪᠯᠡᠷᠡᠨ ᠵᠠᠯᠭᠠᠯᠳᠤᠭ᠍ᠰᠠᠨ ᠱᠠᠲᠤᠨ ᠲᠠᠷᠢᠶ᠎ᠠ ᠪᠤᠶᠤ ᠬᠠᠮᠠᠭᠠᠯᠠᠭ᠍ᠳᠠᠬᠤ ᠡᠲᠡᠭᠡᠳ᠎ᠲᠠᠢ ᠬᠠᠮᠲᠤ ᠣᠷᠣᠱᠢᠵᠤ ᠪᠠᠢᠭ᠎ᠠ ᠵᠠᠯᠭᠠᠯᠳᠤᠭ᠍ᠰᠠᠨ ᠲᠠᠷᠢᠶᠠᠨ ᠭᠠᠵᠠᠷ ᠪᠠᠭ᠍ᠲᠠᠬᠤ ᠥᠬᠡᠶ)᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ ᠡᠪᠡᠰᠦ ᠪᠡᠯᠴᠢᠭᠡᠷ᠎ᠢ ᠰᠡᠷᠭᠦᠭᠡᠬᠦ᠌ ᠨᠠᠭᠤᠷ ᠪᠡᠯᠴᠢᠭᠡᠷ᠎ᠢ ᠰᠡᠷᠭᠦᠭᠡᠬᠦ᠌ ᠣᠷᠣᠨ ᠪᠦᠰᠡ ᠵᠡᠷᠭᠡ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠥᠷᠨᠢᠭᠦᠯᠬᠦ᠌᠎ᠶ᠋ᠢ ᠴᠢᠩᠭ᠎ᠠ ᠬᠠᠮᠢᠶᠠᠷᠤᠨ ᠡᠵᠡᠮᠳᠡᠨ᠎ᠡ᠃ ᠨᠥᠬᠦᠴᠡᠯ᠎ᠲᠠᠢ ᠭᠠᠵᠠᠷ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠪᠥᠬᠦ᠌ ᠣᠷᠣᠨ ᠪᠦᠰᠡ᠎ᠪᠠᠷ ᠳᠥᠯᠭᠢᠨ ᠠᠬᠢᠭᠤᠯᠬᠤ ᠠᠵᠢᠯ᠎ᠢ ᠥᠷᠨᠢᠭᠦᠯᠦᠨ᠎ᠡ᠃
(ᠳᠥᠷᠪᠡ) ᠪᠥᠲᠥᠭᠡᠨ ᠪᠠᠢᠭᠤᠯᠤᠯᠲᠠ᠎ᠶ᠋ᠢᠨ ᠬᠤᠪᠢᠶᠠᠷᠢ ᠲᠣᠭᠤᠷᠢᠭ᠃ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠲᠥᠷᠥᠯᠬᠢ ᠠᠪᠢᠶᠠᠰ᠂ ᠲᠠᠷᠢᠶᠠᠯᠠᠬᠤ ᠲᠦᠷᠢᠮ ᠪᠠ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ ᠵᠡᠷᠭᠡ᠎ᠶ᠋ᠢ ᠦᠨᠳᠦᠰᠦᠯᠡᠨ᠂ ᠪᠥᠬᠦ᠌ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ 7 ᠣᠷᠣᠨ ᠪᠦᠰᠡ ᠬᠤᠪᠢᠶᠠᠨ᠎ᠠ᠃ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠢᠮᠠᠭ᠂ ᠬᠥᠯᠥᠨ ᠪᠤᠢᠷ ᠬᠤᠳᠠ ᠵᠡᠷᠭᠡ 4 ᠠᠢᠮᠠᠭ (ᠬᠤᠳᠠ) ᠶ᠋ᠢ ᠪᠠᠭ᠍ᠲᠠᠭᠠᠭ᠍ᠰᠠᠨ ᠵᠡᠭᠦᠨ ᠬᠤᠢᠲᠤ ᠣᠷᠣᠨ᠎ᠳᠤ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠲᠥᠬᠦᠭᠡᠷᠦᠮᠵᠢ᠎ᠶ᠋ᠢ ᠭᠤᠣᠯᠳᠠᠯᠭ᠎ᠠ᠎ᠲᠠᠢ ᠲᠦᠷᠭᠡᠨ ᠲᠡᠭᠦᠯᠳᠡᠷᠵᠢᠭᠦᠯᠵᠦ᠍᠂ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠬᠤ᠎ᠶ᠋ᠢ ᠴᠢᠩᠭᠠᠳᠭᠠᠨ᠎ᠠ᠃ ᠬᠠᠲᠤᠨ ᠭᠤᠥᠯ ᠬᠤᠸᠠᠢ ᠾᠧ ᠭᠤᠥᠯ ᠲᠡᠯᠡᠶ᠎ᠶ᠋ᠢᠨ ᠣᠷᠣᠨ᠎ᠳᠤ ᠪᠡᠭᠡᠵᠢᠩ᠂ ᠲᠢᠶᠠᠨᠵᠢᠨ᠂ ᠾᠧᠪᠸᠢ᠂ ᠱᠠᠨᠳᠦ᠋ᠩ᠂ ᠾᠧᠨᠠᠨ 5 ᠮᠤᠵᠢ (ᠱᠢᠭᠤᠳ ᠬᠠᠷᠢᠶ᠎ᠠ ᠬᠤᠲᠠ) ᠶ᠋ᠢ ᠪᠠᠭ᠍ᠲᠠᠭᠠᠵᠤ᠂ ᠤᠰᠤᠯᠠᠯᠲᠠ᠎ᠶ᠋ᠢᠨ ᠪᠠᠲᠤᠯᠠᠭ᠎ᠠ᠎ᠶ᠋ᠢᠨ ᠨᠣᠷᠮ᠎ᠠ᠎ᠶ᠋ᠢ ᠭᠤᠥᠯᠳᠠᠯᠭ᠎ᠠ᠎ᠲᠠᠢ᠎ᠪᠠᠷ ᠬᠦᠴᠦᠯᠡᠨ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠲᠠᠷᠢᠶᠠᠯᠠᠬᠤ ᠨᠥᠬᠦᠴᠡᠯ᠎ᠢ ᠲᠡᠭᠦᠯᠳᠡᠷᠵᠢᠭᠦᠯᠦᠨ᠎ᠡ᠃ ᠬᠥᠬᠡᠮᠥ᠋ᠷᠡᠨ᠎ᠤ ᠳᠤᠮᠳᠠᠳᠤ ᠲᠤᠤᠷᠠᠳᠤ ᠤᠷᠤᠰᠭᠠᠯ᠎ᠤᠨ ᠣᠷᠣᠨ᠎ᠳᠤ ᠱᠠᠩᠬᠠᠶ᠂ ᠵᠢᠶᠠᠩᠰᠦ᠂ ᠠᠨᠾᠦ᠋ᠢ᠂ ᠵᠢᠶᠠᠩᠰᠢ᠂ ᠬᠤᠪᠸᠢ᠂ ᠬᠤᠨᠠᠨ ᠵᠡᠷᠭᠡ 6 ᠮᠤᠵᠢ (ᠱᠢᠭᠤᠳ ᠬᠠᠷᠢᠶ᠎ᠠ ᠬᠤᠲᠠ) ᠶ᠋ᠢ ᠪᠠᠭ᠍ᠲᠠᠭᠠᠵᠤ᠂ ᠲᠠᠷᠢᠶᠠᠨ ᠭᠠᠵᠠᠷ᠎ᠤᠨ ᠲᠥᠬᠦᠭᠡᠷᠦᠮᠵᠢ᠎ᠶ᠋ᠢ ᠣᠳᠣᠬᠢᠴᠢᠯᠠᠬᠤ ᠢᠵᠢ ᠪᠦᠷᠢᠳᠦᠭᠦᠯᠦᠨ ᠲᠡᠰ ᠳᠡᠪᠱᠢᠭᠦᠯᠬᠦ᠌᠎ᠶ᠋ᠢ ᠭᠤᠣᠯᠳᠠᠯᠭ᠎ᠠ᠎ᠲᠠᠢ᠎ᠪᠠᠷ ᠲᠤᠪᠤᠢᠯᠭᠠᠵᠤ᠂ ᠭᠠᠩᠳᠠᠬᠤ᠂ ᠤᠰᠤᠲᠤᠬᠤ᠂ ᠲᠡᠪᠳᠦᠬᠦ᠌ᠶ᠋ᠢ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠵᠡᠭᠦᠨ ᠡᠮᠦᠨᠡᠲᠦ ᠣᠷᠣᠨ᠎ᠳᠤ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠢᠨᠠᠨ ᠵᠡᠷᠭᠡ 4 ᠮᠤᠵᠢ ᠪᠠᠭ᠍ᠲᠠᠨ᠎ᠠ᠂ ᠭᠤᠣᠯᠳᠠᠭᠤ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠭ᠌ᠰᠡᠨ ᠤᠷᠢᠲᠠᠯ ᠳᠣᠣᠷ᠎ᠠ ᠲᠠᠷᠢᠶᠠᠨ ᠭᠠᠵᠠᠷ᠎ᠢ ᠨᠠᠷᠢᠰᠭᠠᠬᠤ ᠠᠰᠠᠭᠤᠳᠠᠯ᠎ᠢ ᠠᠯᠬᠤᠮ ᠠᠯᠬᠤᠮ᠎ᠢᠶᠠᠷ ᠰᠠᠢᠵᠢᠷᠠᠭᠤᠯᠵᠤ᠂ ᠲᠠᠷᠢᠶᠠᠨ ᠭᠠᠵᠠᠷ᠎ᠤᠨ ᠱᠢᠷᠦᠭᠦᠨ ᠪᠣᠷᠣᠭᠠᠨ᠎ᠢ ᠰᠡᠷᠭᠡᠢᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠪᠠᠷᠠᠭᠤᠨ ᠡᠮᠦᠨᠡᠲᠦ ᠣᠷᠣᠨ᠎ᠳᠤ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ ᠵᠡᠷᠭᠡ 5 ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢ ᠪᠠᠭ᠍ᠲᠠᠭᠠᠵᠤ᠂ ᠬᠡᠪᠲᠡᠭᠡ ᠱᠠᠲᠤᠨ ᠲᠠᠷᠢᠶ᠎ᠠ᠎ᠶ᠋ᠢ ᠥᠭᠡᠷᠡᠴᠢᠯᠡᠬᠦ᠌ ᠪᠦᠳᠦᠭᠡᠨ ᠪᠠᠢᠭᠤᠯᠤᠯᠲᠠ᠎ᠶ᠋ᠢ ᠭᠤᠣᠯᠳᠠᠯᠭ᠎ᠠ᠎ᠲᠠᠢ ᠴᠢᠩᠭᠠᠳᠭᠠᠵᠤ᠂ ᠲᠠᠷᠢᠶᠠᠨ ᠭᠠᠵᠠᠷ᠎ᠤᠨ ᠵᠠᠮ᠎ᠢ ᠲᠡᠭᠦᠯᠳᠡᠷᠵᠢᠭᠦᠯᠵᠦ᠍᠂ ᠢᠨᠵᠧᠨᠧᠷᠢᠩ᠎ᠤᠨ ᠴᠢᠨᠠᠷᠲᠠᠶ ᠤᠰᠤ ᠳᠤᠲᠠᠭ᠍ᠳᠠᠬᠤ ᠳᠤᠲᠠᠭᠤᠳᠠᠯ᠎ᠢ ᠨᠥᠬᠦᠪᠥᠷᠢᠯᠡᠨ᠎ᠡ᠃ ᠪᠠᠷᠠᠭᠤᠨ ᠬᠤᠢᠲᠤ ᠣᠷᠣᠨ᠎ᠳᠤ ᠱᠠᠨ ᠰᠢ᠂ ᠱᠠᠨᠰᠢ᠂ ᠭᠠᠨᠰᠦ᠂ ᠨᠢᠩᠱᠢᠶᠠ᠂ ᠱᠢᠨᠵᠢᠶᠠᠩ (ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠢ ᠪᠠᠭ᠍ᠲᠠᠭᠠᠨ᠎ᠠ) ᠵᠡᠷᠭᠡ 5 ᠮᠤᠵᠢ (ᠥᠪᠡᠷᠲᠡᠭᠡᠨ ᠵᠠᠰᠠᠬᠤ ᠣᠷᠣᠨ) ᠵᠢᠴᠢ ᠥᠪᠥᠷ ᠮᠣᠩᠭᠤᠯ᠎ᠤᠨ ᠳᠤᠮᠳᠠ ᠪᠠᠷᠠᠭᠤᠨ ᠬᠡᠰᠡᠭ᠎ᠤᠨ 8 ᠠᠢᠮᠠᠭ (ᠬᠤᠳᠠ) ᠪᠠᠭ᠍ᠲᠠᠵᠤ᠂ ᠲᠠᠷᠢᠶᠠᠨ ᠭᠠᠵᠠᠷ᠎ᠢ ᠴᠡᠭ᠌ᠴᠡᠯᠡᠨ ᠵᠠᠰᠠᠬᠤ ᠠᠵᠢᠯ᠎ᠢ ᠭᠤᠣᠯᠳᠠᠯᠭ᠎ᠠ᠎ᠲᠠᠢ ᠴᠢᠩᠭᠠᠳᠭᠠᠵᠤ᠂ ᠲᠠᠷᠢᠶᠠᠯᠠᠩ᠎ᠳᠤ ᠬᠡᠷᠡᠭ᠌ᠯᠡᠬᠦ᠌ ᠤᠰᠤᠨ᠎ᠤ ᠠᠱᠢᠭ᠍ᠯᠠᠮᠵᠢ᠎ᠶ᠋ᠢ ᠳᠡᠭᠡᠭ᠌ᠰᠢᠯᠡᠭᠦᠯᠦᠨ᠂ ᠭᠠᠩ ᠬᠠᠭ᠍ᠰᠠᠷᠠᠭᠠᠨᠤ ᠠᠰᠠᠭᠤᠳᠠᠯ᠎ᠢ ᠱᠢᠶ᠋ᠳᠪᠦᠷᠢᠯᠡᠨ᠎ᠡ᠃ ᠬᠥᠬᠡᠨᠠᠭᠤᠷ ᠲᠥᠪᠡᠳ᠎ᠤᠨ ᠣᠷᠣᠨ᠎ᠳᠤ ᠲᠥᠪᠡᠳ᠂ ᠬᠥᠬᠡᠨᠠᠭᠤᠷ ᠬᠤᠶᠠᠷ ᠮᠤᠵᠢ (ᠥᠪᠡᠷᠲᠡᠭᠡᠨ ᠵᠠᠰᠠᠬᠤ ᠣᠷᠣᠨ) ᠪᠠᠭ᠍ᠲᠠᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠲᠥᠬᠦᠭᠡᠷᠦᠮᠵᠢ᠎ᠶ᠋ᠢ ᠭᠤᠣᠯᠳᠠᠯᠭ᠎ᠠ᠎ᠲᠠᠢ᠎ᠪᠠᠷ ᠲᠡᠭᠦᠯᠳᠡᠷᠵᠢᠭᠦᠯᠵᠦ᠍᠂ ᠮᠧᠬᠠᠨᠢᠭ᠍ᠵᠢᠭᠤᠯᠤᠨ ᠠᠵᠢᠯᠯᠠᠬᠤ ᠨᠥᠬᠦᠴᠡᠯ᠎ᠢ ᠰᠠᠢᠵᠢᠷᠠᠭᠤᠯᠤᠨ᠎ᠠ᠃ ᠡᠯ᠎ᠡ ᠭᠠᠵᠠᠷ᠎ᠤᠨ᠎ᠬᠢᠨ ᠣᠷᠣᠨ ᠬᠤᠪᠢᠶᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠨᠠᠷᠢᠯᠢᠬ᠍ᠵᠢᠭᠤᠯᠤᠨ ᠪᠠᠢᠭᠤᠯᠵᠤ᠂ ᠲᠠᠷᠢᠶᠠᠨ ᠭᠠᠵᠠᠷ᠎ᠤᠨ ᠦᠶ᠋ᠯᠡᠳᠪᠦᠷᠢᠯᠡᠯ᠎ᠤᠨ ᠬᠠᠷᠰᠢ ᠰᠠᠭᠠᠳ᠎ᠤᠨ ᠬᠦᠴᠦᠨ ᠵᠦᠶ᠋ᠯ᠎ᠢ ᠬᠠᠨᠳᠤᠯᠭᠠᠲᠤ ᠴᠢᠨᠠᠷᠲᠠᠶ᠎ᠪᠠᠷ ᠱᠢᠶ᠋ᠳᠪᠦᠷᠢᠯᠡᠬᠦ᠌ ᠬᠡᠷᠡᠭ᠌ᠲᠡᠶ᠃
(ᠲᠠᠪᠤ) ᠱᠠᠳᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠱᠢᠶᠠᠨ ᠲᠦᠷᠪᠡᠨ ᠱᠠᠲᠤᠨ᠎ᠤ ᠲᠥᠯᠥᠪᠵᠢᠭᠦᠯᠭᠡ᠎ᠶ᠋ᠢᠨ ᠲᠥᠰᠦᠯ᠎ᠤᠨ ᠱᠢᠰᠲ᠋ᠧᠮ᠎ᠢ ᠪᠠᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠥᠷᠨᠢᠭᠦᠯᠬᠦ᠌᠎ᠶ᠋ᠢ ᠵᠢᠯᠣᠭᠤᠳᠤᠨ᠎ᠠ᠃ ᠤᠯᠤᠰ᠎ᠠᠴᠠ ᠶᠡᠷᠦᠩᠬᠡᠶ ᠲᠥᠯᠥᠪᠵᠢᠭᠦᠯᠭᠡ᠎ᠶ᠋ᠢᠨ ᠲᠥᠰᠦᠯ᠎ᠢ ᠲᠣᠭ᠍ᠲᠠᠭᠠᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠴᠢᠩᠭᠠᠳᠭᠠᠵᠤ᠂ ᠲᠠᠷᠢᠶᠠᠯᠠᠩ ᠬᠥᠳᠡᠭᠡ ᠲᠣᠰᠭᠤᠨ᠎ᠤ ᠶᠠᠮᠤᠨ ᠲᠤᠰ ᠲᠥᠰᠦᠯ᠎ᠢ ᠦᠨᠳᠦᠰᠦᠯᠡᠨ ᠣᠷᠣᠨ ᠬᠤᠪᠢᠶᠠᠨ ᠲᠦᠷᠦᠯ ᠠᠩᠬᠢᠯᠠᠨ ᠪᠦᠳᠦᠭᠡᠨ ᠪᠠᠢᠭᠤᠯᠬᠤ ᠵᠦᠭ᠌ᠯᠡᠭᠦᠷ᠎ᠢ ᠲᠤᠭ᠍ᠳᠠᠭᠠᠨ᠎ᠠ᠃ ᠮᠤᠵᠢ᠎ᠶ᠋ᠢᠨ ᠱᠠᠲᠤᠨ᠎ᠠᠴᠠ ᠲᠣᠰ ᠣᠷᠣᠨ ᠪᠦᠰᠡ᠎ᠶ᠋ᠢᠨ ᠲᠥᠯᠥᠪᠵᠢᠭᠦᠯᠭᠡ᠎ᠶ᠋ᠢᠨ ᠲᠥᠰᠦᠯ᠎ᠢ ᠨᠡᠢᠲᠡᠯᠡᠵᠦ᠍᠂ ᠪᠥᠳᠥᠭᠡᠨ ᠪᠠᠢᠭᠤᠯᠬᠤ ᠣᠷᠣᠨ ᠵᠠᠶ᠎ᠶ᠋ᠢᠨ ᠪᠠᠢᠷᠢᠱᠢᠯ᠂ ᠴᠠᠭ᠎ᠤᠨ ᠳᠠᠷᠠᠭᠠᠯᠠᠯ᠎ᠤᠨ ᠲᠣᠬᠢᠷᠠᠭᠤᠯᠣᠯᠳᠠ᠂ ᠪᠥᠳᠥᠭᠡᠨ ᠪᠠᠢᠭᠤᠯᠬᠤ ᠪᠠᠷᠢᠮᠵᠢᠶ᠎ᠠ ᠪᠠ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠂ ᠪᠥᠳᠥᠭᠡᠨ ᠪᠠᠢᠭᠤᠯᠬᠤ ᠡᠭᠦᠷᠭᠡ᠎ᠶ᠋ᠢ ᠰᠠᠯᠭᠠᠨ ᠨᠠᠢᠳᠠᠪᠤᠷᠢᠵᠢᠭᠤᠯᠬᠤ᠎ᠶ᠋ᠢᠨ ᠬᠠᠮᠲᠤ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠬᠤᠷᠢᠶ᠎ᠠ᠂ ᠡᠳ᠋᠎ᠤᠨ ᠵᠠᠰᠠᠭ᠎ᠤᠨ ᠶᠠᠮᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠂ ᠣᠰᠣᠨ ᠠᠱᠢᠭ᠍ᠯᠠᠯᠲᠠ᠎ᠶ᠋ᠢᠨ ᠶᠠᠮᠤᠨ᠎ᠳᠤ ᠬᠠᠭᠤᠯᠤᠨ ᠬᠦᠷᠭᠡᠨ᠎ᠡ᠃ ᠬᠤᠲᠠ ᠱᠢᠶᠠᠨ᠎ᠤ ᠱᠠᠲᠤᠨ᠎ᠠᠴᠠ ᠱᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭᠠᠨ ᠪᠣᠳᠠᠲᠠᠶ ᠬᠡᠷᠡᠭ᠌ᠵᠢᠭᠦᠯᠬᠦ᠌ ᠲᠥᠰᠦᠯ᠎ᠢ ᠨᠡᠢᠲᠡᠯᠡᠵᠦ᠍᠂ ᠪᠠᠢᠭᠤᠯᠬᠤ᠎ᠪᠠᠷ ᠪᠠᠢᠭ᠎ᠠ ᠡᠭᠦᠷᠭᠡ᠂ ᠪᠠᠢᠭᠤᠯᠬᠤ ᠠᠭᠤᠯᠭ᠎ᠠ ᠪᠠ ᠠᠵᠢᠯ᠎ᠤᠨ ᠠᠬᠢᠴᠠ᠎ᠶ᠋ᠢᠨ ᠲᠣᠬᠢᠷᠠᠭᠤᠯᠤᠯᠲᠠ᠎ᠶ᠋ᠢ ᠲᠣᠳᠣᠷᠬᠠᠢᠯᠠᠨ᠎ᠠ᠃
ᠭᠤᠷᠪᠠ᠂ ᠪᠥᠳᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ
(ᠵᠢᠷᠭᠤᠭ᠎ᠠ) ᠲᠥᠷᠥᠯ ᠵᠦᠶ᠋ᠯ᠎ᠢ ᠬᠡᠷᠡᠭ᠌ᠵᠢᠭᠦᠯᠦᠨ᠎ᠡ᠃ ᠡᠯ᠎ᠡ ᠭᠠᠵᠠᠷ᠎ᠤᠨ᠎ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠤᠨ ᠨᠥᠭᠡᠴᠡ᠎ᠶ᠋ᠢ ᠴᠢᠩᠭᠠᠳᠭᠠᠵᠤ᠂ ᠲᠥᠷᠥᠯ ᠵᠦᠶ᠋ᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ᠃ ᠮᠡᠳᠡᠭᠦᠯᠬᠦ᠌ ᠪᠠ ᠪᠠᠭᠤᠯᠭᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠣᠨ᠎ᠤ ᠬᠠᠷᠠᠯᠲᠠ᠎ᠶ᠋ᠢᠨ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠲᠣᠭ᠍ᠲᠠᠭᠠᠵᠤ᠂ ᠨᠢᠭᠡᠳᠦᠯᠲᠡᠶ ᠬᠤᠪᠢᠶᠠᠷᠢᠯᠠᠨ ᠪᠠᠭᠤᠯᠭᠠᠬᠤ ᠬᠡᠷᠡᠭ᠌ᠲᠡᠶ᠃ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢᠨ ᠲᠠᠰ ᠳᠠᠷᠠᠭᠠᠯᠠᠯ᠎ᠢ ᠵᠢᠷᠤᠮᠵᠢᠭᠤᠯᠵᠤ᠂ ᠲᠥᠷᠥᠯ ᠵᠦᠶ᠋ᠯ᠎ᠤᠨ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠳᠠᠪᠬᠤᠷᠳᠠᠭᠤᠯᠤᠨ ᠬᠢᠨᠠᠨ ᠵᠥᠪᠱᠢᠶᠡᠷᠡᠬᠦ᠂ ᠣᠯᠠᠨ ᠲᠠᠯ᠎ᠠ᠎ᠠᠴᠠ ᠬᠢᠨᠠᠨ ᠵᠥᠪᠱᠢᠶᠡᠷᠡᠬᠦ᠌᠎ᠠᠴᠠ ᠵᠠᠢᠯᠠᠰᠭᠢᠬᠦ᠌ ᠬᠡᠷᠡᠭ᠌ᠲᠡᠶ᠃ ᠲᠥᠷᠥᠯ ᠵᠦᠢᠯ᠎ᠤᠨ ᠬᠠᠤᠯᠢ᠎ᠶ᠋ᠢᠨ ᠡᠷᠬᠡᠲᠡᠨ᠎ᠤ ᠬᠠᠷᠢᠭᠤᠴᠠᠯᠭ᠎ᠠ᠎ᠶ᠋ᠢᠨ ᠲᠥᠷᠢᠮ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠲᠥᠷᠢᠮ᠂ ᠪᠠᠷᠢᠯᠭ᠎ᠠ᠎ᠶ᠋ᠢ ᠬᠢᠨᠠᠨ ᠬᠠᠮᠢᠶᠠᠷᠬᠤ ᠲᠥᠷᠢᠮ᠂ ᠭᠡᠷ᠎ᠡ᠎ᠶ᠋ᠢᠨ ᠬᠠᠮᠢᠶᠠᠷᠤᠯᠲᠠ᠎ᠶ᠋ᠢᠨ ᠲᠥᠷᠢᠮ᠂ ᠲᠥᠷᠥᠯ ᠵᠦᠢᠯ᠎ᠢ ᠢᠯᠡ ᠨᠡᠢᠲᠡᠯᠡᠬᠦ᠌ ᠲᠥᠷᠢᠮ᠎ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠪᠠᠷᠢᠯᠭ᠎ᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠭᠠᠵᠠᠷ ᠰᠣᠩᠭᠤᠬᠤ᠂ ᠲᠥᠷᠥᠯ ᠵᠦᠶ᠋ᠯ ᠲᠣᠭ᠍ᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ᠎ᠶ᠋ᠢᠨ ᠮᠠᠲ᠋ᠧᠷᠢᠶᠠᠯ᠂ ᠪᠠᠷᠢᠯᠭ᠎ᠠ ᠪᠠᠷᠢᠬᠤ ᠵᠡᠷᠭᠡ ᠡᠯ᠎ᠡ ᠵᠠᠩᠭᠢᠯᠠᠭ᠎ᠠ᠎ᠶ᠋ᠢᠨ ᠪᠣᠭᠤᠮᠲᠠ᠎ᠶ᠋ᠢ ᠴᠢᠩᠭ᠎ᠠ ᠠᠳᠭᠤᠵᠤ᠂ ᠠᠵᠢᠯ᠎ᠢ ᠳᠥᠭᠦᠮᠴᠢᠯᠡᠨ ᠮᠠᠲ᠋ᠧᠷᠢᠶᠠᠯ᠎ᠢ ᠬᠠᠰᠤᠬᠤ᠂ ᠪᠠᠷᠢᠯᠭ᠎ᠠ᠎ᠶ᠋ᠢ ᠬᠠᠭᠤᠷᠮᠠᠭ᠎ᠢᠶᠠᠷ ᠵᠣᠬᠢᠶᠠᠬᠤ ᠵᠡᠷᠭᠡ ᠶᠠᠰᠤ ᠴᠢᠨᠠᠷ᠎ᠤᠨ ᠠᠰᠠᠭᠤᠳᠠᠯ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠳᠤᠮᠳᠠᠬᠢ ᠬᠠᠥᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶ᠎ᠠ ᠪᠥᠬᠦᠶ ᠨᠢᠭᠡᠴᠢ᠎ᠶ᠋ᠢᠨ ᠬᠢᠷᠢ ᠬᠡᠮ᠎ᠤᠨ ᠨᠥᠬᠦᠴᠡᠯ᠎ᠤᠨ ᠱᠠᠭᠠᠷᠳᠠᠯᠭ᠎ᠠ᠎ᠶ᠋ᠢ ᠴᠢᠩᠳᠠᠯᠠᠵᠤ᠂ ᠬᠠᠥᠯᠢ ᠲᠣᠭ᠍ᠲᠠᠭᠠᠯ᠎ᠠᠴᠠ ᠵᠥᠷᠢᠴᠡᠨ ᠢᠲᠡᠭᠡᠯ ᠠᠯᠳᠠᠭ᠍ᠰᠠᠨ ᠦᠶ᠋ᠯᠡ ᠠᠵᠢᠯᠯᠠᠭ᠎ᠠ᠎ᠶ᠋ᠢᠨ ᠲᠡᠮᠳᠡᠭ᠌ᠯᠡᠯ᠎ᠲᠠᠢ ᠨᠢᠭᠡᠴᠢ ᠪᠠ ᠬᠤᠪᠢ ᠬᠥᠮᠦᠨ᠎ᠤ ᠣᠷᠣᠯᠴᠠᠬᠤ᠎ᠶ᠋ᠢ ᠬᠢᠵᠠᠭᠠᠷᠯᠠᠬᠤ ᠬᠡᠷᠡᠭ᠌ᠲᠡᠶ᠃
(ᠳᠣᠯᠤᠭ᠎ᠠ) ᠪᠠᠯᠠ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠃ ᠡᠯ᠎ᠡ ᠭᠠᠵᠠᠷ᠎ᠤᠨ᠎ᠬᠢᠨ ᠲᠥᠰᠦᠪ᠎ᠤᠨ ᠬᠠᠮᠢᠶᠠᠷᠤᠯᠲᠠ᠂ ᠡᠳ᠋᠎ᠤᠨ ᠵᠠᠰᠠᠭ᠎ᠤᠨ ᠤᠯᠤᠰ᠎ᠤᠨ ᠬᠥᠮᠥᠷᠭᠡ᠎ᠶ᠋ᠢᠨ ᠬᠠᠮᠢᠶᠠᠷᠤᠯᠲᠠ ᠵᠡᠷᠭᠡ ᠲᠦᠷᠢᠮ᠎ᠤᠨ ᠲᠣᠭ᠍ᠲᠠᠭᠠᠯ᠎ᠢ ᠦᠨᠳᠦᠰᠦᠯᠡᠨ᠂ ᠴᠠᠭ᠎ᠤᠨ ᠬᠢᠵᠠᠭᠠᠷ᠎ᠢ ᠴᠢᠩᠭ᠎ᠠ ᠵᠢᠷᠤᠮᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠦ᠎ᠶ᠋ᠢ ᠰᠠᠯᠭᠠᠨ ᠪᠠᠭᠤᠯᠭᠠᠵᠤ᠂ ᠬᠥᠮᠥᠷᠭᠡ᠎ᠶ᠋ᠢᠨ ᠵᠣᠭᠤᠰ᠎ᠢ ᠵᠦᠶ ᠵᠣᠬᠢᠰᠲᠠᠶ ᠳᠣᠭᠢᠷᠠᠭᠤᠯᠤᠨ᠂ ᠭᠡᠷ᠎ᠡ᠎ᠶ᠋ᠢᠨ ᠪᠣᠯᠵᠣᠯ ᠪᠠ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠦᠨᠳᠦᠰᠦᠯᠡᠨ ᠥᠭ᠌ᠴᠦ᠂ ᠪᠠᠯᠠ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠪᠡᠯᠡ ᠮᠥᠩᠭᠦ᠎ᠶ᠋ᠢᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠡᠵᠡᠮᠳᠡᠬᠦ᠂ ᠲᠤᠰᠭᠠᠶ ᠵᠦᠢᠯ᠎ᠢᠶᠠᠷ ᠬᠢᠨᠠᠨ ᠪᠠᠢᠴᠠᠭᠠᠬᠤ᠎ᠶ᠋ᠢ ᠴᠢᠩᠭᠠᠳᠭᠠᠵᠤ᠂ ᠲᠥᠰᠦᠪ᠎ᠢ ᠴᠠᠭ ᠲᠤᠬᠠᠶ᠎ᠳᠤᠨᠢ ᠪᠠᠭᠤᠯᠭᠠᠭ᠍ᠰᠠᠨ ᠦᠭᠡᠢ᠂ ᠲᠥᠷᠥᠯ ᠵᠦᠢᠯᠡᠰ᠎ᠤᠨ ᠪᠦᠳᠦᠭᠡᠨ ᠪᠠᠢᠭᠤᠯᠤᠯᠲᠠ᠎ᠶ᠋ᠢᠨ ᠠᠬᠢᠴᠠ᠎ᠪᠠᠷ ᠥᠭ᠌ᠭᠦᠭ᠌ᠰᠡᠨ ᠦᠭᠡᠢ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠰᠠᠨᠠᠭᠤᠯᠤᠨ ᠵᠠᠯᠠᠷᠠᠭᠤᠯᠵᠤ᠂ ᠰᠠᠯᠭᠠᠨ ᠥᠭ᠌ᠬᠦ᠎ᠪᠠᠷ ᠵᠠᠷᠤᠯᠭ᠎ᠠ᠎ᠶ᠋ᠢ ᠣᠷᠣᠯᠠᠭᠤᠯᠬᠤ᠂ ᠮᠡᠬᠡᠯᠡᠨ ᠠᠪᠴᠤ᠌ ᠳᠤᠮᠳᠠ᠎ᠠᠴᠠ᠎ᠨᠢ ᠦᠯᠡᠳᠡᠭᠡᠬᠦ᠂ ᠱᠢᠬᠠᠨ ᠡᠵᠡᠯᠡᠵᠦ᠍ ᠨᠡᠭᠦᠯᠭᠡᠨ ᠬᠡᠷᠡᠭ᠌ᠯᠡᠬᠦ᠌ ᠵᠡᠷᠭᠡ ᠠᠰᠠᠭᠤᠳᠠᠯ ᠭᠠᠷᠬᠤ᠎ᠶ᠋ᠢ ᠡᠷᠡᠰ ᠰᠡᠷᠭᠡᠢᠯᠡᠨ᠎ᠡ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠨᠢ ᠱᠢᠶᠠᠨ᠎ᠤ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠤᠶᠤ ᠱᠢᠶᠠᠩ ᠪᠠᠯᠭᠠᠰᠤᠨ᠎ᠤ ᠤᠯᠤᠰ᠎ᠤᠨ ᠬᠥᠮᠥᠷᠭᠡ᠎ᠶ᠋ᠢᠨ ᠲᠠᠩ ᠭᠠᠭ᠍ᠴᠠ ᠲᠠᠩᠰᠠᠨ ᠡᠷᠦᠬᠡ᠎ᠶ᠋ᠢᠨ ᠳᠣᠥᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠦ᠎ᠶ᠋ᠢᠨ ᠲᠤᠰᠭᠠᠶ ᠬᠤᠪᠢᠶᠠᠷᠢ ᠲᠠᠩᠰᠠᠨ ᠡᠷᠦᠬᠡ ᠭᠠᠷᠭᠠᠵᠤ᠂ ᠲᠤᠰᠭᠠᠶ ᠲᠠᠩᠰᠠ᠎ᠶ᠋ᠢ ᠬᠢᠨᠠᠨ ᠬᠠᠮᠢᠶᠠᠷᠬᠤ᠂ ᠲᠤᠰᠭᠠᠶ ᠲᠠᠩᠰᠠ᠎ᠶ᠋ᠢ ᠱᠢᠯᠵᠢᠭᠦᠯᠦᠨ ᠥᠭ᠌ᠬᠦ᠂ ᠲᠤᠰᠭᠠᠶ ᠲᠠᠩᠰᠠ᠎ᠶ᠋ᠢ ᠢᠯᠭᠠᠷᠠᠭᠤᠯᠤᠨ ᠪᠤᠳᠤᠬᠤ᠎ᠶ᠋ᠢ ᠪᠡᠶᠡᠯᠡᠭᠦᠯᠵᠦ᠍᠂ ᠪᠠᠯᠠ ᠮᠥᠩᠭᠦ᠎ᠶ᠋ᠢ ᠲᠠᠷᠢᠶᠠᠨ ᠭᠠᠵᠠᠷ᠎ᠲᠤ ᠦᠨᠡᠨ ᠬᠦ᠌ ᠬᠡᠷᠡᠭ᠌ᠯᠡᠬᠦ᠌ ᠬᠡᠷᠡᠭ᠌ᠲᠡᠶ᠃
(ᠨᠠᠢ᠍ᠮᠠ) ᠪᠠᠷᠢᠯᠭ᠎ᠠ ᠳᠠᠭᠤᠰᠤᠭ᠍ᠰᠠᠨᠢ ᠱᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠴᠠᠭ ᠲᠤᠬᠠᠶ᠎ᠳᠤᠨᠢ ᠳᠠᠭᠤᠰᠭᠠᠬᠤ᠎ᠶ᠋ᠢᠨ ᠬᠠᠮᠲᠤ ᠠᠵᠢᠯ ᠳᠠᠭᠤᠰᠤᠭ᠍ᠰᠠᠨᠢ ᠱᠢᠯᠭᠠᠨ ᠠᠪᠬᠤ᠎ᠶ᠋ᠢ ᠵᠣᠬᠢᠶᠠᠨ ᠱᠢᠯᠭᠠᠨ ᠠᠪᠬᠤ ᠭᠤᠭ᠍ᠴᠤᠭ᠎ᠠ᠎ᠶ᠋ᠢᠨ ᠶᠠᠰᠤ ᠴᠢᠨᠠᠷ᠎ᠤᠨ ᠡᠵᠡᠮᠳᠡᠯ᠎ᠢ ᠴᠢᠩᠳᠠᠯᠠᠵᠤ᠂ ᠱᠢᠶᠠᠨ᠎ᠤ ᠱᠠᠲᠤᠨ᠎ᠤ ᠠᠩᠬᠠᠨ᠎ᠤ ᠱᠢᠯᠭᠠᠯᠲᠠ᠂ ᠬᠤᠲᠠ᠎ᠶ᠋ᠢᠨ ᠱᠠᠲᠤᠨ᠎ᠤ ᠱᠢᠯᠭᠠᠨ ᠠᠪᠬᠤ᠂ ᠮᠤᠵᠢ᠎ᠶ᠋ᠢᠨ ᠱᠠᠲᠤᠨ᠎ᠤ ᠰᠤᠭᠤᠴᠢᠨ ᠪᠠᠢᠴᠠᠭᠠᠬᠤ ᠲᠠᠰ ᠳᠠᠷᠠᠭᠠᠯᠠᠯ᠎ᠢ ᠨᠠᠢᠳᠠᠪᠤᠷᠢᠵᠢᠭᠤᠯᠤᠨ᠂ ᠲᠥᠷᠥᠯ ᠵᠦᠶ᠋ᠯ᠎ᠤᠨ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠡᠰᠡᠬᠦ᠂ ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠬᠤ ᠴᠢᠳᠠᠪᠤᠷᠢ ᠪᠠ ᠠᠮᠤ ᠪᠤᠳᠠᠭᠠᠨ᠎ᠤ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍ ᠳᠡᠢᠯᠬᠦ᠌ ᠡᠰᠡᠬᠦ᠌ ᠵᠢᠴᠢ ᠲᠤᠷᠱᠢᠨ ᠬᠡᠷᠡᠭ᠌ᠯᠡᠭ᠌ᠰᠡᠨ ᠦᠷ᠎ᠡ ᠳ᠋ᠦᠩ᠂ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ ᠵᠡᠷᠭᠡ᠎ᠪᠠᠷ ᠱᠢᠯᠭᠠᠨ ᠠᠪᠬᠤ᠎ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃ ᠲᠥᠷᠥᠯ ᠵᠦᠶ᠋ᠯ᠎ᠢ ᠱᠢᠯᠭᠠᠨ ᠠᠪᠤᠭ᠍ᠰᠠᠨ᠎ᠤ ᠳᠠᠷᠠᠭ᠎ᠠ᠂ ᠪᠠᠷᠢᠯᠭ᠎ᠠ᠎ᠶ᠋ᠢᠨ ᠪᠡᠯᠡᠳᠭᠡᠮᠵᠢ᠎ᠶ᠋ᠢᠨ ᠥᠮᠴᠢᠯᠡᠬᠦ᠌ ᠡᠷᠬᠡ᠎ᠶ᠋ᠢ ᠴᠠᠭ ᠲᠤᠬᠠᠶ᠎ᠳᠤᠨᠢ ᠲᠣᠳᠣᠷᠬᠠᠢᠯᠠᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ᠎ᠠᠴᠠ ᠪᠣᠶ ᠪᠣᠯᠤᠭ᠍ᠰᠠᠨ᠎ᠢ᠎ᠨᠢ ᠵᠠᠷᠴᠢᠮ ᠳᠡᠭᠡᠷ᠎ᠡ᠎ᠪᠠᠨ ᠲᠥᠷᠥᠯ ᠵᠦᠶ᠋ᠯ᠎ᠤᠨ ᠲᠣᠭᠤᠷᠢᠭ᠎ᠤᠨ ᠭᠠᠵᠠᠷ ᠱᠢᠷᠣᠶ᠎ᠶ᠋ᠢᠨ ᠡᠵᠡᠮᠱᠢᠭ᠌ᠴᠢᠳᠤ ᠬᠠᠷᠢᠶᠠᠯᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢ ᠴᠢᠩᠭᠠᠳᠭᠠᠨ᠎ᠠ᠃
(ᠶᠢᠰᠦ) ᠪᠥᠬᠦ᠌ ᠶᠠᠪᠤᠴᠠ᠎ᠳᠤ ᠬᠢᠨᠠᠯᠲᠠ ᠲᠠᠯᠪᠢᠨ᠎ᠠ᠃ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠱᠢᠯᠭᠠᠨ ᠪᠠᠢᠴᠠᠭᠠᠬᠤ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠠᠷᠢᠯᠭ᠎ᠠ᠎ᠶ᠋ᠢᠨ ᠶᠠᠰᠤ ᠴᠢᠨᠠᠷ᠎ᠤᠨ ᠵᠤᠷᠱᠢᠯ᠎ᠤᠨ ᠪᠠᠢᠴᠠᠭᠠᠯᠲᠠ᠎ᠶ᠋ᠢᠨ ᠲᠦᠷᠢᠮ᠎ᠢ ᠪᠠᠢᠭᠤᠯᠵᠤ᠂ ᠤᠯᠤᠰ ᠪᠠ ᠮᠤᠵᠢ᠎ᠶ᠋ᠢᠨ ᠱᠠᠲᠤᠨ᠎ᠤ᠎ᠬᠢᠨ ᠪᠠᠢᠩᠭᠤ᠎ᠶ᠋ᠢᠨ ᠴᠢᠨᠠᠷᠲᠠᠶ ᠰᠤᠭᠤᠴᠢᠨ ᠪᠠᠢᠴᠠᠭᠠᠯᠲᠠ᠎ᠶ᠋ᠢ ᠥᠷᠨᠢᠭᠦᠯᠵᠦ᠍᠂ ᠰᠤᠭᠤᠴᠢᠨ ᠪᠠᠢᠴᠠᠭᠠᠭ᠍ᠰᠠᠨ ᠦᠷ᠎ᠡ ᠳ᠋ᠦᠩ᠎ᠢ ᠴᠠᠭ ᠲᠤᠬᠠᠶ᠎ᠳᠤᠨᠢ ᠨᠡᠢᠲᠡᠯᠡᠵᠦ᠍᠂ ᠨᠡᠢᠲᠡᠯᠢᠭ ᠠᠰᠠᠭᠤᠳᠠᠯ᠎ᠢ ᠵᠠᠷᠯᠠᠨ ᠮᠡᠳᠡᠭ᠌ᠳᠡᠨ᠎ᠡ᠃ ᠬᠢᠨᠠᠯᠲᠠ ᠲᠠᠯᠪᠢᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠠᠬᠢᠯᠭ᠎ᠠ ᠪᠠᠲᠤ ᠪᠠᠢᠴᠠᠭᠠᠬᠤ᠂ ᠱᠠᠯᠠᠪᠳᠠᠭᠤᠯᠤᠨ ᠪᠠᠢᠴᠠᠭᠠᠬᠤ᠂ ᠬᠢᠨᠠᠨ ᠪᠤᠳᠤᠬᠤ᠂ ᠲᠠᠷᠢᠶᠠᠴᠢᠨ ᠣᠯᠠᠨ ᠲᠦᠮᠡᠨ ᠪᠠ ᠵᠠᠭᠤᠴᠢᠯᠠᠭᠤᠷ᠎ᠤᠨ ᠬᠢᠨᠠᠯᠲᠠ᠎ᠶ᠋ᠢ ᠴᠢᠩᠭᠠᠷᠠᠭᠤᠯᠤᠨ᠂ ᠪᠠᠷᠢᠯᠭ᠎ᠠ᠎ᠶ᠋ᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠦᠶ᠋ᠯᠡᠴᠢᠯᠡᠭᠡᠨ᠎ᠤ ᠤᠳᠠᠰᠤ᠂ 《ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠭᠠᠷᠤᠨ ᠠᠶ᠎ᠠ᠎ᠪᠠᠷ ᠰᠡᠭᠦᠳᠡᠷᠯᠡᠬᠦ᠌》 ᠵᠢᠵᠢᠭ ᠫᠷᠣᠭ᠌ᠷᠠᠮ ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ᠎ᠢ ᠰᠠᠢᠲᠤᠷ ᠬᠡᠷᠡᠭ᠌ᠯᠡᠬᠦ᠌ ᠬᠡᠷᠡᠭ᠌ᠲᠡᠶ᠃ ᠪᠥᠬᠦ᠌ ᠤᠯᠤᠰ᠎ᠤᠨ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠢᠯᠡᠭ᠌ᠰᠡᠨ ᠬᠢᠨᠠᠨ ᠬᠡᠮᠵᠢᠵᠦ᠍ ᠬᠢᠨᠠᠨ ᠬᠠᠮᠢᠶᠠᠷᠬᠤ ᠲᠠᠪᠴᠠᠩ᠎ᠳᠤ ᠲᠦᠱᠢᠭ᠌ᠯᠡᠨ᠂ ᠲᠥᠷᠥᠯ ᠵᠦᠶ᠋ᠯ ᠲᠣᠭ᠍ᠲᠠᠭᠠᠬᠤ᠂ ᠬᠡᠷᠡᠭ᠌ᠵᠢᠭᠦᠯᠬᠦ᠂ ᠱᠢᠯᠭᠠᠨ ᠠᠪᠬᠤ᠂ ᠬᠡᠷᠡᠭ᠌ᠯᠡᠬᠦ᠌ ᠵᠡᠷᠭᠡ ᠡᠯ᠎ᠡ ᠱᠠᠲᠤ ᠦᠶ᠎ᠡ᠎ᠶ᠋ᠢᠨ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠥᠮᠥᠷᠭᠡ᠎ᠳᠤ ᠣᠷᠣᠭᠤᠯᠵᠤ᠂ ᠪᠥᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠷᠠᠭᠤᠯᠤᠨ᠎ᠠ᠃ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠦᠶ᠋ᠯᠡᠴᠢᠯᠡᠭᠡ᠎ᠶ᠋ᠢ ᠴᠢᠩᠭᠠᠳᠭᠠᠵᠤ᠂ ᠠᠵᠢᠯ ᠡᠷᠭᠢᠯᠡᠬᠦ᠌ ᠭᠤᠥᠯ ᠴᠣᠭ᠍ᠴᠠ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠠᠵᠢᠯ ᠲᠥᠷᠥᠯ᠎ᠤᠨ ᠨᠡᠢᠭᠡᠮᠯᠢᠭ ᠵᠡᠷᠭᠡ ᠦᠶ᠋ᠯᠡᠴᠢᠯᠡᠭᠡ ᠪᠠ ᠥᠪᠡᠷ᠎ᠢ᠎ᠪᠠᠨ ᠱᠠᠭᠠᠷᠳᠠᠬᠤ ᠵᠣᠬᠢᠶᠠᠨ ᠪᠠᠢᠭᠤᠯᠤᠯᠲᠠ᠎ᠶ᠋ᠢ ᠬᠠᠥᠯᠢ ᠶᠣᠰᠣᠭᠠᠷ ᠪᠠᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ ᠡᠷᠭᠢᠯᠡᠬᠦ᠌ ᠪᠠᠢᠭᠤᠯᠤᠮᠵᠢ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢ ᠥᠷᠨᠢᠭᠦᠯᠵᠦ᠍᠂ ᠲᠣᠭ᠍ᠲᠠᠭᠠᠯ᠎ᠠᠴᠠ ᠵᠥᠷᠢᠴᠡᠨ ᠢᠲᠡᠭᠡᠯ ᠠᠯᠳᠠᠭ᠍ᠰᠠᠨ ᠦᠶ᠋ᠯᠡ ᠠᠵᠢᠯᠯᠠᠭ᠎ᠠ᠎ᠶ᠋ᠢ ᠵᠠᠯᠬᠠᠭᠠᠨ ᠴᠡᠭᠡᠷᠯᠡᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠳᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ ᠲᠦᠯᠬᠢᠨ ᠠᠬᠢᠭᠤᠯᠤᠨ᠎ᠠ᠃
ᠳᠥᠷᠪᠡ᠂ ᠡᠵᠡᠩᠨᠡᠯᠲᠡ᠎ᠶ᠋ᠢᠨ ᠬᠠᠮᠢᠶᠠᠷᠤᠯᠲᠠ ᠬᠠᠮᠠᠭᠠᠯᠠᠯᠲᠠ
(ᠠᠷᠪᠠ) ᠡᠵᠡᠩᠨᠡᠵᠦ᠍ ᠬᠠᠮᠢᠶᠠᠷᠤᠨ ᠬᠠᠮᠠᠭᠠᠯᠠᠬᠤ ᠭᠤᠥᠯ ᠴᠣᠭ᠍ᠴᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠬᠠᠷᠢᠶ᠎ᠠ ᠭᠠᠵᠠᠷ᠎ᠤᠨ ᠡᠵᠡᠩᠨᠡᠯᠲᠡ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠱᠠᠲᠤ ᠬᠤᠪᠢᠶᠠᠨ ᠪᠣᠳᠠᠲᠠᠢᠵᠢᠭᠤᠯᠵᠤ᠂ ᠡᠵᠡᠩᠨᠡᠯᠲᠡ ᠬᠠᠮᠢᠶᠠᠷᠤᠯᠲᠠ᠎ᠶ᠋ᠢᠨ ᠠᠭᠤᠯᠭ᠎ᠠ ᠪᠠ ᠪᠠᠷᠢᠮᠵᠢᠶ᠎ᠠ᠎ᠶ᠋ᠢ ᠲᠣᠳᠣᠷᠬᠠᠢᠯᠠᠨ᠎ᠠ᠃ ᠣᠯᠠᠨ ᠨᠡᠢᠲᠡ᠎ᠶ᠋ᠢᠨ ᠲᠥᠬᠦᠭᠡᠷᠦᠮᠵᠢ᠎ᠶ᠋ᠢᠨ ᠲᠠᠯ᠎ᠠ᠎ᠪᠠᠷ᠂ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ ᠲᠣᠭ᠍ᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠯᠲᠠ ᠪᠠ ᠬᠠᠮᠠᠭᠠᠯᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠠᠮᠢᠶ᠎ᠠ ᠪᠥᠬᠦᠶ ᠠᠵᠢᠯ ᠲᠥᠷᠥᠯ᠎ᠤᠨ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠤᠰᠤᠯᠠᠯᠲᠠ᠎ᠶ᠋ᠢᠨ ᠤᠰᠤ ᠵᠠᠯᠠᠬᠤ᠂ ᠴᠠᠬᠢᠯᠭᠠᠨ ᠳᠠᠮᠵᠢᠭᠤᠯᠵᠤ ᠲᠦᠭᠡᠭᠡᠬᠦ᠌ ᠵᠡᠷᠭᠡ ᠪᠠᠷᠢᠯᠭ᠎ᠠ᠎ᠶ᠋ᠢᠨ ᠲᠥᠬᠦᠭᠡᠷᠦᠮᠵᠢ᠎ᠶ᠋ᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶ᠋ᠢᠨ ᠬᠢᠨᠠᠯᠲᠠ ᠬᠠᠮᠢᠶᠠᠷᠤᠯᠲᠠ ᠪᠠ ᠵᠢᠯᠣᠭᠤᠳᠣᠯᠭ᠎ᠠ᠎ᠪᠠᠨ ᠴᠢᠩᠭᠠᠳᠭᠠᠵᠤ᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠠᠷᠢᠭᠤᠴᠠᠯᠭ᠎ᠠ ᠪᠠ ᠡᠷᠬᠡ᠎ᠶ᠋ᠢ ᠨᠢᠭᠡᠳᠦᠯᠲᠡᠶ ᠪᠠᠢᠯᠭᠠᠬᠤ᠂ ᠬᠠᠷᠢᠭᠤᠴᠠᠯᠭ᠎ᠠ ᠪᠠ ᠡᠨᠧᠷᠭᠢ᠎ᠶ᠋ᠢ ᠨᠢᠭᠡᠳᠦᠯᠲᠡᠶ ᠪᠠᠢᠯᠭᠠᠬᠤ ᠵᠠᠷᠴᠢᠮ ᠶᠣᠰᠣᠭᠠᠷ᠂ ᠱᠢᠶᠠᠩ ᠪᠠᠯᠭᠠᠰᠤ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠤᠨ ᠨᠠᠷᠢᠨ ᠬᠠᠭᠤᠳᠠᠰᠤ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶ᠋ᠢᠨ ᠲᠠᠯ᠎ᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠢ ᠲᠣᠳᠣᠷᠬᠠᠢᠯᠠᠬᠤ ᠬᠡᠷᠡᠭ᠌ᠲᠡᠶ᠃ ᠲᠠᠷᠢᠶᠠᠨ ᠭᠠᠵᠠᠷ᠎ᠤᠨ ᠦᠵᠦᠭᠦᠷ᠎ᠤᠨ ᠡᠳᠦᠷ ᠲᠤᠲᠤᠮ᠎ᠤᠨ ᠬᠡᠷᠡᠭ᠌ᠯᠡᠭᠡᠨ᠎ᠤ ᠨᠣᠷᠮ᠎ᠠ᠎ᠪᠠᠷ ᠥᠨᠳᠥᠷ ᠵᠢᠵᠢᠭ ᠬᠡᠯᠪᠡᠷᠢ᠎ᠶ᠋ᠢᠨ ᠲᠠᠷᠢᠶᠠᠨ ᠭᠠᠵᠠᠷ᠎ᠤᠨ ᠤᠰᠤᠨ ᠠᠱᠢᠭ᠍ᠯᠠᠯᠲᠠ᠎ᠶ᠋ᠢᠨ ᠪᠡᠯᠡᠳᠭᠡᠮᠵᠢᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠯᠲᠡ᠎ᠶ᠋ᠢᠨ ᠭᠤᠥᠯ ᠴᠣᠭ᠍ᠴᠠ᠎ᠶ᠋ᠢᠨ ᠪᠡᠶ᠎ᠡ᠎ᠪᠠᠨ ᠳᠠᠭᠠᠭᠠᠵᠤ ᠪᠠᠯᠠ ᠣᠷᠣᠭᠤᠯᠵᠤ ᠪᠠᠯᠠ ᠴᠤᠭ᠍ᠯᠠᠭᠤᠯᠬᠤ᠂ ᠦᠶ᠋ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠡᠳᠦᠷ ᠲᠤᠲᠤᠮ᠎ᠤᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠥᠷᠨᠢᠭᠦᠯᠬᠦ᠌᠎ᠶ᠋ᠢ ᠳᠡᠮᠵᠢᠨ᠎ᠡ᠃ ᠡᠵᠡᠩᠨᠡᠯᠲᠡ ᠬᠠᠮᠢᠶᠠᠷᠤᠯᠲᠠ᠎ᠶ᠋ᠢᠨ ᠠᠵᠢᠯᠲᠠᠨ᠎ᠤ ᠮᠡᠷᠭᠡᠵᠢᠯ᠎ᠤᠨ ᠵᠢᠯᠣᠭᠤᠳᠣᠯᠭ᠎ᠠ᠂ ᠪᠣᠯᠪᠠᠰᠤᠷᠠᠯ᠎ᠤᠨ ᠦᠶ᠋ᠯᠡᠴᠢᠯᠡᠭᠡ ᠪᠠ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠶ᠃
(ᠠᠷᠪᠠᠨ ᠨᠢᠭᠡ) ᠡᠵᠡᠩᠨᠡᠵᠦ᠍ ᠬᠠᠮᠢᠶᠠᠷᠤᠨ ᠬᠠᠮᠠᠭᠠᠯᠠᠬᠤ ᠵᠠᠭ᠍ᠪᠤᠷ᠃ ᠡᠯ᠎ᠡ ᠭᠠᠵᠠᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠯᠲᠡ ᠬᠠᠮᠢᠶᠠᠷᠤᠯᠲᠠ᠎ᠶ᠋ᠢᠨ ᠵᠠᠭ᠍ᠪᠤᠷ᠎ᠢ ᠬᠠᠢᠨ ᠰᠦᠪᠡᠭ᠌ᠴᠢᠯᠡᠵᠦ᠍ ᠪᠣᠯᠤᠨ᠎ᠠ᠃ ᠵᠠᠰᠠᠭ᠎ᠤᠨ ᠣᠷᠳᠣᠨ᠎ᠤ ᠦᠶ᠋ᠯᠡᠴᠢᠯᠡᠭᠡ ᠬᠤᠳᠠᠯᠳᠤᠨ ᠠᠪᠬᠤ ᠪᠤᠶᠤ ᠠᠵᠢᠯ ᠲᠥᠷᠥᠯ᠎ᠤᠨ ᠪᠠᠢᠭᠤᠯᠤᠮᠵᠢ᠎ᠳᠤ ᠨᠠᠢᠳᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠤᠰᠤᠨ ᠬᠠᠭᠠᠯᠲᠠ᠂ ᠬᠥᠭᠡᠷᠭᠡ᠎ᠶ᠋ᠢᠨ ᠥᠷᠲᠡᠭᠡ᠂ ᠴᠠᠬᠢᠯᠭᠠᠨ ᠬᠦᠴᠦᠨ᠎ᠤ ᠪᠡᠯᠡᠳᠭᠡᠮᠵᠢ ᠵᠡᠷᠭᠡ ᠮᠡᠷᠭᠡᠵᠢᠯ᠎ᠤᠨ ᠴᠢᠨᠠᠷ᠎ᠢᠶᠠᠷ ᠨᠡᠯᠢᠶᠡᠳ ᠴᠢᠩᠭ᠎ᠠ ᠪᠡᠯᠡᠳᠭᠡᠮᠵᠢ ᠲᠥᠬᠦᠭᠡᠷᠦᠮᠵᠢ᠎ᠳᠤ ᠲᠤᠰᠭᠠᠢᠵᠢᠭ᠍ᠰᠠᠨ ᠬᠠᠮᠠᠭᠠᠯᠠᠯᠲᠠ ᠬᠢᠬᠦ᠌᠎ᠶ᠋ᠢ ᠵᠣᠷᠢᠭ᠍ᠵᠢᠭᠤᠯᠤᠨ᠎ᠠ᠃ ᠪᠠᠷᠢᠯᠭ᠎ᠠ᠎ᠶ᠋ᠢᠨ ᠶᠠᠰᠤ ᠴᠢᠨᠠᠷ᠎ᠤᠨ ᠳᠠᠭᠠᠳᠭᠠᠯ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠳᠠᠭᠠᠳᠭᠠᠯ ᠳᠠᠭᠠᠭᠠᠴᠢᠯᠠᠬᠤ ᠪᠠᠢᠭᠤᠯᠤᠮᠵᠢ᠎ᠶ᠋ᠢᠨ ᠲᠤᠰᠭᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠢᠭᠤᠯᠤᠨ ᠵᠢᠷᠤᠭ᠍ᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠥᠯ ᠴᠣᠭ᠍ᠴᠠ᠎ᠳᠤ ᠬᠢᠨᠠᠯᠲᠠ ᠲᠠᠯᠪᠢᠬᠤ᠎ᠶ᠋ᠢ ᠳᠡᠮᠵᠢᠵᠦ᠍᠂ ᠪᠠᠷᠢᠯᠭ᠎ᠠ᠎ᠶ᠋ᠢᠨ ᠶᠠᠰᠤ ᠴᠢᠨᠠᠷ᠎ᠤᠨ ᠲᠦᠭ᠌ᠰᠢᠭᠦᠷᠢ᠎ᠶ᠋ᠢ ᠰᠡᠷᠭᠡᠢᠯᠡᠨ᠂ ᠪᠠᠷᠢᠯᠭ᠎ᠠ᠎ᠶ᠋ᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶ᠋ᠢᠨ ᠠᠰᠠᠭᠤᠳᠠᠯ᠎ᠢ ᠴᠠᠭ ᠲᠤᠬᠠᠶ᠎ᠳᠤᠨᠢ ᠳᠥᠯᠥᠵᠦ᠍ ᠱᠢᠶ᠋ᠳᠪᠦᠷᠢᠯᠡᠨ᠎ᠡ᠃
(ᠠᠷᠪᠠᠨ ᠬᠤᠶᠠᠷ) ᠬᠠᠮᠠᠭᠠᠯᠠᠵᠤ ᠠᠱᠢᠭ᠍ᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠴᠢᠩᠭ᠎ᠠ ᠬᠠᠮᠠᠭᠠᠯᠠᠵᠤ᠂ ᠳᠤᠷ᠎ᠠ᠎ᠪᠠᠷ᠎ᠢᠶᠠᠨ ᠡᠵᠡᠯᠡᠨ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠎ᠠ; ᠬᠠᠤᠯᠢ ᠶᠣᠰᠣᠭᠠᠷ ᠵᠥᠪᠱᠢᠶᠡᠷᠡᠭᠦᠯᠦᠭᠡᠳ ᠡᠵᠡᠯᠡᠨ ᠬᠡᠷᠡᠭ᠌ᠯᠡᠬᠦ᠌᠎ᠶ᠋ᠢ ᠵᠥᠪᠱᠢᠶᠡᠷᠡᠭ᠌ᠰᠡᠨ ᠪᠣᠯ ᠡᠯ᠎ᠡ ᠭᠠᠵᠠᠷ᠎ᠤᠳ ᠨᠥᠬᠦᠵᠦ᠍ ᠪᠠᠢᠭᠤᠯᠬᠤ᠎ᠶ᠋ᠢ ᠴᠠᠭ ᠲᠤᠬᠠᠶ᠎ᠳᠤᠨᠢ ᠨᠠᠢᠳᠠᠪᠤᠷᠢᠵᠢᠭᠤᠯᠵᠤ᠂ ᠲᠤᠭ᠎ᠠ ᠬᠡᠮᠵᠢᠶ᠎ᠡ᠎ᠶ᠋ᠢ᠎ᠨᠢ ᠪᠠᠭᠠᠰᠭᠠᠬᠤ ᠦᠭᠡᠢ᠂ ᠶᠠᠰᠤ ᠴᠢᠨᠠᠷ᠎ᠢ᠎ᠨᠢ ᠪᠠᠭᠤᠷᠠᠭᠤᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠡᠯᠡᠳᠭᠡᠮᠵᠢ᠎ᠶ᠋ᠢ ᠡᠪᠳᠡᠵᠦ᠍ ᠰᠦᠶ᠋ᠳᠭᠡᠵᠦ᠍ ᠪᠣᠯᠬᠤ ᠥᠬᠡᠶ᠂ ᠭᠠᠮᠱᠢᠭ᠎ᠠᠴᠠ ᠪᠣᠯᠵᠣ ᠡᠪᠳᠡᠭ᠌ᠳᠡᠭ᠌ᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠣᠨ᠎ᠤ ᠥᠭᠡᠷᠡᠴᠢᠯᠡᠨ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠳᠤ ᠣᠷᠣᠭᠤᠯᠵᠤ ᠴᠠᠭ ᠲᠤᠬᠠᠶ᠎ᠳᠤᠨᠢ ᠵᠠᠰᠠᠨ ᠰᠡᠷᠭᠦᠭᠡᠬᠦ᠌ ᠪᠤᠶᠤ ᠨᠥᠬᠦᠵᠦ᠍ ᠪᠠᠢᠭᠤᠯᠬᠤ ᠬᠡᠷᠡᠭ᠌ᠲᠡᠶ᠃ ᠲᠠᠷᠢᠶᠠᠨ ᠭᠠᠵᠠᠷ᠎ᠢ ᠦᠷᠭᠦᠯᠵᠢᠯᠡᠨ ᠪᠣᠷᠳᠣᠬᠤ ᠪᠠ ᠶᠠᠰᠤ ᠴᠢᠨᠠᠷ᠎ᠢ ᠬᠢᠨᠠᠨ ᠬᠡᠮᠵᠢᠬᠦ᠌ ᠠᠵᠢᠯ᠎ᠢ ᠴᠢᠩᠭᠠᠳᠭᠠᠵᠤ᠂ ᠭᠠᠵᠠᠷ᠎ᠤᠨ ᠬᠦᠴᠦ᠍ ᠮᠠᠭᠤᠳᠠᠬᠤ᠎ᠠᠴᠠ ᠰᠡᠷᠭᠡᠢᠯᠡᠨ᠎ᠡ᠃ ᠪᠣᠬᠢᠷ ᠤᠰᠤ᠂ ᠠᠮᠢᠳᠤᠷᠠᠯ᠎ᠤᠨ ᠬᠤᠭ ᠨᠣᠪᠰᠢ᠂ ᠠᠵᠤ ᠦᠢᠯᠡᠳᠪᠦᠷᠢ᠎ᠶ᠋ᠢᠨ ᠬᠠᠶᠠᠭ᠍ᠳᠠᠮᠠᠯ ᠪᠣᠳᠠᠰ ᠵᠡᠷᠭᠡ᠎ᠶ᠋ᠢ ᠲᠠᠷᠢᠶᠠᠨ ᠭᠠᠵᠠᠷ᠎ᠲᠤ ᠭᠠᠳᠠᠭ᠍ᠰᠢᠯᠠᠭᠤᠯᠬᠤ᠂ ᠴᠢᠳᠭᠤᠬᠤ᠂ ᠬᠠᠳᠠᠭᠠᠯᠠᠬᠤ᠎ᠶ᠋ᠢ ᠴᠢᠩᠭ᠎ᠠ ᠴᠠᠭᠠᠵᠠᠯᠠᠨ᠎ᠠ᠃
ᠲᠠᠪᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ
(ᠠᠷᠪᠠᠨ ᠭᠤᠷᠪᠠ) ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠨᠥᠬᠦᠪᠥᠷᠢᠯᠡᠨ ᠬᠤᠪᠢᠶᠠᠷᠢᠯᠠᠵᠤ ᠳᠣᠭᠢᠷᠠᠭᠤᠯᠤᠨ᠎ᠠ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠵᠠᠭᠠᠭ᠍ᠯᠠᠨ ᠲᠣᠭ᠍ᠲᠠᠭᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠥᠬᠦᠪᠥᠷᠢᠯᠡᠨ ᠬᠤᠪᠢᠶᠠᠷᠢᠯᠠᠬᠤ᠂ ᠲᠣᠬᠢᠷᠠᠭᠤᠯᠬᠤ ᠵᠢᠷᠤᠮ᠎ᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ᠎ᠤᠨ ᠲᠥᠷᠥᠯᠬᠢ ᠠᠪᠢᠶᠠᠰ᠎ᠢᠶᠠᠷ ᠰᠠᠢᠨ᠂ ᠦᠶ᠋ᠯᠡᠳᠪᠦᠷᠢᠯᠡᠯ᠎ᠤᠨ ᠳᠠᠯᠳᠠ ᠴᠢᠳᠠᠪᠤᠷᠢ᠎ᠪᠠᠷ ᠶᠡᠭᠡ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠡᠪᠴᠢᠶᠡᠨ᠎ᠳᠠᠬᠢ ᠲᠠᠷᠢᠶᠠᠨ ᠭᠠᠵᠠᠷ ᠳᠡᠭᠡᠷ᠎ᠡ ᠪᠠᠢᠭᠤᠯᠤᠭ᠍ᠰᠠᠨ ᠥᠬᠡᠶ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠠᠭᠠᠷᠳᠠᠯᠭ᠎ᠠ ᠶᠣᠰᠣᠭᠠᠷ ᠴᠠᠭ ᠲᠤᠬᠠᠶ᠎ᠳᠤᠨᠢ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢᠶᠠᠷ ᠵᠠᠭᠠᠭ᠍ᠯᠠᠨ ᠲᠣᠭ᠍ᠲᠠᠭᠠᠬᠤ ᠬᠡᠷᠡᠭ᠌ᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠰᠡᠳᠦᠪ ᠲᠣᠭ᠍ᠲᠠᠭᠠᠬᠤ ᠨᠥᠬᠦᠴᠡᠯ᠎ᠳᠤ ᠥᠯᠥ᠍ ᠨᠡᠢᠴᠡᠬᠦ᠌ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠲᠦᠷ ᠬᠤᠢᠱᠢᠯᠠᠭᠤᠯᠤᠨᠠ᠃ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠦᠨᠡᠯᠡᠨ ᠵᠢᠱ᠌ᠢᠵᠦ᠍ ᠲᠣᠬᠢᠷᠠᠭᠤᠯᠬᠤ᠎ᠲᠠᠢ ᠤᠶᠠᠯᠳᠤᠭᠤᠯᠤᠨ᠂ ᠵᠠᠭᠠᠭ᠍ᠯᠠᠨ ᠲᠣᠭ᠍ᠲᠠᠭᠠᠬᠤ ᠱᠠᠭᠠᠷᠳᠠᠯᠭ᠎ᠠ᠎ᠳᠤ ᠦᠯᠦ᠍ ᠨᠡᠢᠴᠡᠬᠦ᠌ ᠬᠡᠰᠡᠭ ᠭᠠᠵᠠᠷ᠎ᠢ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠠᠴᠠ ᠬᠠᠤᠯᠢ ᠶᠣᠰᠣᠭᠠᠷ ᠱᠢᠯᠵᠢᠭᠦᠯᠦᠨ ᠭᠠᠷᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠲᠣᠭᠤᠷᠢᠭ᠎ᠲᠤ ᠲᠠᠷᠢᠶᠠᠨ ᠭᠠᠵᠠᠷ᠎ᠤᠨ ᠰᠠᠭᠤᠷᠢ ᠲᠥᠬᠦᠭᠡᠷᠦᠮᠵᠢ᠎ᠶ᠋ᠢ ᠢᠵᠢ ᠪᠦᠷᠢᠳᠦᠭᠦᠯᠦᠨ ᠪᠦᠲᠦᠭᠡᠨ ᠪᠠᠢᠭᠤᠯᠬᠤ᠎ᠠᠴᠠ ᠪᠣᠯᠵᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠠᠭ᠎ᠠ ᠬᠡᠮᠵᠢᠶ᠎ᠡ᠎ᠪᠠᠷ ᠡᠵᠡᠯᠡᠨ ᠬᠡᠷᠡᠭ᠌ᠯᠡᠬᠦ᠌ ᠴᠢᠬᠤᠯᠠᠲᠠᠢ ᠪᠣᠯ ᠪᠦᠳᠦᠭᠡᠨ ᠪᠠᠢᠭᠤᠯᠤᠯᠲᠠ᠎ᠶ᠋ᠢᠨ ᠡᠮᠦᠨ᠎ᠡ ᠬᠤᠢᠨᠠᠬᠢ ᠲᠥᠷᠥᠯ ᠵᠦᠢᠯᠡᠰ᠎ᠤᠨ ᠣᠷᠣᠨ᠎ᠤ ᠳᠣᠲᠣᠷᠠᠬᠢ ᠲᠠᠷᠢᠶᠠᠨ ᠭᠠᠵᠠᠷ᠎ᠤᠨ ᠲᠠᠯᠠᠪᠠᠢ᠎ᠶ᠋ᠢ ᠵᠠᠷᠴᠢᠮ ᠳᠡᠭᠡᠷ᠎ᠡ᠎ᠪᠠᠨ ᠪᠠᠭᠠᠰᠭᠠᠵᠤ ᠪᠣᠯᠬᠤ ᠦᠭᠡᠢ᠂ ᠦᠨᠡᠬᠡᠷ ᠪᠠᠭ᠎ᠠ ᠬᠡᠮᠵᠢᠶ᠎ᠡ᠎ᠪᠠᠷ ᠪᠠᠭᠠᠰᠭᠠᠬᠤ ᠴᠢᠬᠤᠯᠠᠲᠠᠶ ᠪᠠᠢᠪᠠᠯ᠂ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠠᠴᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠲᠣᠬᠢᠷᠠᠭᠤᠯᠵᠤ ᠨᠥᠬᠦᠪᠥᠷᠢᠯᠡᠨ ᠬᠤᠪᠢᠶᠠᠷᠢᠯᠠᠬᠤ ᠲᠥᠰᠦᠯ᠎ᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠬᠤ᠎ᠶ᠋ᠢᠨ ᠬᠠᠮᠲᠤ ᠲᠡᠭᠦᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠠᠴᠠ ᠲᠣᠭ᠍ᠲᠠᠭᠠᠯ ᠶᠣᠰᠣᠭᠠᠷ ᠳᠠᠩᠰᠠᠯᠠᠭᠤᠯᠬᠤ ᠵᠢᠷᠤᠮ᠎ᠢ ᠭᠦᠢᠴᠡᠳᠭᠡᠵᠦ᠍᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠤᠨ ᠲᠣᠭᠤᠷᠢᠭ᠎ᠤᠨ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠶᠣᠰᠣᠭᠠᠷ ᠬᠠᠮᠢᠶᠠᠷᠴᠤ᠌ ᠪᠠᠢᠭ᠎ᠠ ᠲᠠᠷᠢᠶᠠᠨ ᠭᠠᠵᠠᠷ᠎ᠤᠨ ᠰᠠᠭᠤᠷᠢ ᠪᠡᠯᠡᠳᠭᠡᠮᠵᠢ᠎ᠶ᠋ᠢ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠬᠡᠪᠴᠢᠶᠡᠨ᠎ᠳᠤ ᠣᠷᠣᠭᠤᠯᠬᠤ ᠥᠬᠡᠶ᠃
(ᠠᠷᠪᠠᠨ ᠳᠥᠷᠪᠡ) ᠤᠰᠤᠨ᠎ᠤ ᠡᠬᠢ ᠪᠠᠶᠠᠯᠢᠭ᠎ᠢ ᠢᠵᠢ ᠪᠥᠷᠢᠳᠦᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠤᠰᠤᠯᠠᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠦᠨ᠎ᠡ᠃ ᠤᠰᠤ ᠠᠷᠪᠢᠯᠠᠬᠤ᠎ᠶ᠋ᠢ ᠡᠩ ᠲᠡᠷᠢᠭᠦᠨ᠎ᠳᠤ ᠪᠠᠢᠯᠭᠠᠬᠤ᠂ ᠤᠰᠤ᠎ᠶ᠋ᠢ ᠬᠡᠮᠵᠢᠬᠦ᠌᠎ᠪᠠᠷ ᠶᠠᠪᠤᠬᠤ᠂ ᠤᠰᠤ᠎ᠪᠠᠷ ᠭᠠᠵᠠᠷ ᠲᠣᠭ᠍ᠲᠠᠭᠠᠬᠤ᠎ᠶ᠋ᠢ ᠪᠠᠷᠢᠮᠲᠠᠯᠠᠨ᠂ ᠤᠰᠤᠯᠠᠯᠲᠠ᠎ᠶ᠋ᠢᠨ ᠬᠥᠭ᠌ᠵᠢᠯᠲᠡ᠎ᠶ᠋ᠢᠨ ᠬᠡᠪᠴᠢᠶ᠎ᠡ ᠬᠢᠭᠡᠳ ᠪᠠᠢᠷᠢᠱᠢᠭᠤᠯᠤᠯ᠎ᠢ ᠵᠦᠢ ᠵᠣᠬᠢᠰᠲᠠᠶ ᠲᠣᠭ᠍ᠲᠠᠭᠠᠨ᠂ ᠤᠰᠤᠨ᠎ᠤ ᠡᠬᠢ ᠪᠠᠶᠠᠯᠢᠭ᠎ᠤᠨ ᠳᠠᠭᠠᠭᠠᠬᠤ ᠴᠢᠳᠠᠪᠤᠷᠢ᠎ᠯᠤᠭ᠎ᠠ ᠲᠣᠬᠢᠷᠠᠯᠴᠠᠭᠤᠯᠤᠨ᠎ᠠ᠃ ᠠᠳᠠᠯᠢ ᠪᠤᠰᠤ ᠲᠦᠷᠦᠯ ᠬᠡᠯᠪᠡᠷᠢ᠎ᠶ᠋ᠢᠨ ᠤᠰᠤᠨ ᠰᠤᠷᠪᠤᠯᠵᠢ᠎ᠶ᠋ᠢᠨ ᠢᠨᠵᠧᠨᠧᠷᠢᠩ᠎ᠤᠨ ᠪᠦᠳᠦᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠲᠠᠷᠢᠶᠠᠨ ᠭᠠᠵᠠᠷ᠎ᠤᠨ ᠢᠨᠵᠧᠨᠧᠷᠢᠩ᠎ᠢ ᠤᠰᠤᠨ ᠰᠤᠷᠪᠤᠯᠵᠢ᠎ᠶ᠋ᠢᠨ ᠢᠨᠵᠧᠨᠧᠷᠢᠩ᠂ ᠭᠤᠣᠯᠯᠠᠭ᠍ᠴᠢ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩᠯᠦᠭᠡ ᠢᠵᠢ ᠪᠦᠷᠢᠳᠦᠬᠦᠯᠬᠦ᠌᠎ᠶ᠋ᠢ ᠴᠢᠩᠭᠠᠳᠭᠠᠨ᠎ᠠ᠃ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠵᠢᠴᠢ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠬᠥᠷᠥᠰᠥ᠍ ᠱᠢᠷᠣᠶ᠎ᠶ᠋ᠢᠨ ᠡᠬᠢ ᠪᠠᠶᠠᠯᠢᠭ᠎ᠤᠨ ᠨᠥᠬᠦᠴᠡᠯ᠎ᠳᠤ ᠳᠣᠭᠢᠷᠠᠬᠤ ᠭᠠᠵᠠᠷ ᠣᠷᠣᠨ᠎ᠳᠤ ᠨᠢᠭᠡ ᠪᠦᠯᠦᠭ ᠣᠳᠣᠬᠢᠴᠢᠯᠠᠭ᠍ᠰᠠᠨ ᠤᠰᠤᠯᠠᠯᠲᠠ᠎ᠶ᠋ᠢᠨ ᠣᠷᠣᠨ᠎ᠢ ᠱᠢᠨ᠎ᠡ᠎ᠪᠠᠷ ᠪᠠᠢᠭᠤᠯᠤᠨ᠎ᠠ᠃ ᠵᠢᠵᠢᠭ ᠬᠡᠯᠪᠡᠷᠢ᠎ᠶ᠋ᠢᠨ ᠲᠠᠷᠢᠶᠠᠯᠠᠩ᠎ᠤᠨ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤᠲᠤᠯ᠎ᠢ ᠵᠠᠯᠠᠬᠤ ᠴᠢᠳᠠᠪᠤᠷᠢ᠎ᠶ᠋ᠢ ᠲᠡᠭᠡᠭ᠌ᠰᠢᠯᠡᠬᠦᠯᠦᠨᠡ᠃
(ᠠᠷᠪᠠᠨ ᠲᠠᠪᠤ) ᠪᠠᠯᠠ ᠮᠥᠩᠭᠦ᠎ᠶ᠋ᠢᠨ ᠣᠷᠣᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶ᠋ᠢᠨ ᠤᠯᠠᠨ ᠡᠱᠢᠴᠢᠯᠡᠭ᠌ᠰᠡᠨ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠦᠨ᠎ᠠ᠃ ᠲᠥᠪ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠳᠤ ᠬᠠᠮᠲᠤ᠎ᠪᠠᠷ ᠪᠠᠯᠠ ᠮᠥᠩᠭᠦᠨ᠎ᠤ ᠪᠠᠲᠤᠯᠠᠭ᠎ᠠ ᠬᠠᠩᠭᠠᠵᠤ᠂ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠣᠷᠣᠨ ᠨᠤᠲᠤᠭ᠎ᠤᠨ ᠣᠷᠣᠭᠤᠯᠤᠯᠲᠠ᠎ᠶ᠋ᠢᠨ ᠭᠤᠥᠯ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ᠎ᠶ᠋ᠢᠨ ᠲᠡᠮᠳᠡᠭ᠌ᠲᠦ ᠲᠣᠬᠢᠷᠠᠭᠤᠯᠵᠤ ᠨᠥᠬᠦᠴᠡᠯ᠎ᠳᠤ ᠨᠡᠢᠴᠡᠬᠦ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠳᠡᠮᠵᠢᠬᠦ᠌᠎ᠶ᠋ᠢ ᠵᠠᠰᠠᠭ᠎ᠤᠨ ᠣᠷᠳᠣᠨ᠎ᠤ ᠣᠷᠣᠭᠤᠯᠤᠯᠲᠠ᠎ᠶ᠋ᠢᠨ ᠬᠥᠲᠥᠯᠥᠨ ᠵᠢᠯᠣᠭᠤᠳᠭᠤ ᠪᠠ ᠬᠥᠱᠢᠨ ᠬᠥᠳᠡᠯᠭᠡᠬᠦ᠌ ᠦᠢᠯᠡᠳᠦᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠥᠭ᠌ᠴᠡᠭᠡ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌ ᠦᠭᠡᠢ ᠪᠠᠢᠬᠤ ᠤᠷᠢᠲᠠᠯ᠎ᠤᠨ ᠳᠣᠣᠷ᠎ᠠ᠂ ᠵᠢᠭᠡᠯᠡᠯᠭᠡ᠎ᠶ᠋ᠢᠨ ᠳᠠᠮ ᠬᠦᠦ ᠥᠭ᠌ᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠮᠥᠩᠭᠦᠨ ᠭᠦᠢᠯᠭᠡᠭᠡ᠂ ᠨᠡᠢᠭᠡᠮ᠎ᠤᠨ ᠪᠡᠯᠡ ᠣᠷᠣᠭᠤᠯᠤᠯᠲᠠ ᠪᠠ ᠱᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ ᠵᠡᠷᠭᠡ᠎ᠶ᠋ᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠣᠭᠤᠳᠴᠤ᠌ ᠪᠠᠢᠭᠠᠳ ᠪᠦᠳᠦᠭᠡᠨ ᠪᠠᠢᠭᠤᠯᠤᠯᠲᠠ᠎ᠳᠤ ᠣᠷᠣᠭᠤᠯᠬᠤ᠎ᠶ᠋ᠢ ᠬᠠᠢᠨ ᠰᠦᠪᠡᠭ᠌ᠴᠢᠯᠡᠨ᠎ᠡ᠃ ᠮᠥᠩᠭᠦᠨ ᠭᠦᠶ᠋ᠯᠭᠡᠭᠡᠨ᠎ᠤ ᠪᠠᠢᠭᠤᠯᠤᠮᠵᠢ᠎ᠶ᠋ᠢᠨ ᠬᠠᠥᠯᠢ ᠶᠣᠰᠣᠭᠠᠷ ᠲᠣᠭ᠍ᠲᠠᠭᠠᠯ᠎ᠳᠤ ᠨᠡᠢᠴᠡᠬᠦ᠂ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ ᠤᠷᠢᠲᠠᠯ ᠳᠣᠥᠷ᠎ᠠ᠂ ᠢᠲᠡᠭᠡᠮᠵᠢᠲᠦ ᠵᠢᠭᠡᠯᠡᠯᠭᠡ᠎ᠶ᠋ᠢᠨ ᠪᠠᠯᠠ ᠮᠥᠩᠭᠦ᠎ᠪᠠᠷ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠬᠦ᠌᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠤᠨ᠎ᠠ᠃ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠠᠯᠠ ᠮᠥᠩᠭᠦ᠎ᠶ᠋ᠢᠨ ᠬᠥᠲᠥᠯᠦᠨ ᠵᠢᠯᠣᠭᠤᠳᠭᠤ ᠦᠶ᠋ᠯᠡᠳᠦᠯ᠎ᠢ ᠪᠠᠳᠠᠷᠠᠭᠤᠯᠵᠤ᠂ ᠣᠯᠠᠨ ᠠᠷᠭ᠎ᠠ ᠵᠠᠮ᠎ᠢᠶᠠᠷ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠎ᠶ᠋ᠢᠨ ᠵᠠᠷᠤᠳᠠᠯ᠎ᠢ ᠴᠤᠭ᠍ᠯᠠᠭᠤᠯᠤᠨᠠ᠃
ᠵᠢᠷᠭᠤᠭ᠎ᠠ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ
(ᠠᠷᠪᠠᠨ ᠵᠢᠷᠭᠤᠭ᠎ᠠ) ᠤᠳᠤᠷᠢᠳᠤᠯᠭ᠎ᠠ᠎ᠪᠠᠨ ᠴᠢᠩᠭᠠᠳᠭᠠᠵᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠨᠠᠮ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠲᠥᠪ᠎ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ᠎ᠶ᠋ᠢ ᠬᠠᠷᠢᠭᠤᠴᠠᠬᠤ᠂ ᠬᠤᠲᠠ ᠱᠢᠶᠠᠨ᠎ᠠᠴᠠ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠤᠯᠠᠨ ᠲᠦᠮᠡᠨ ᠣᠷᠣᠯᠴᠠᠬᠤ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠦᠨ᠎ᠡ᠃ ᠲᠥᠪ᠎ᠤᠨ ᠳᠠᠪᠬᠤᠷᠭ᠎ᠠ᠎ᠠᠴᠠ ᠳᠦᠷᠢᠮ᠎ᠤᠨ ᠵᠢᠷᠤᠭ ᠲᠥᠯᠥᠪᠯᠡᠭᠡ᠂ ᠶᠡᠷᠦᠩᠬᠡᠶ ᠲᠥᠯᠥᠪᠵᠢᠭᠦᠯᠭᠡ᠂ ᠨᠡᠢᠳᠡᠮ ᠬᠡᠷᠡᠭ᠌ᠯᠡᠬᠦ᠌ ᠪᠠᠷᠢᠮᠵᠢᠶ᠎ᠠ᠎ᠶ᠋ᠢ ᠲᠣᠭ᠍ᠲᠠᠭᠠᠬᠤ᠂ ᠪᠡᠯᠡ ᠣᠷᠣᠭᠤᠯᠤᠯᠲᠠ᠎ᠶ᠋ᠢ ᠲᠣᠬᠢᠷᠠᠭᠤᠯᠬᠤ᠂ ᠵᠢᠯᠣᠭᠤᠳᠤᠨ ᠬᠢᠨᠠᠯᠲᠠ ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠵᠤ᠂ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠬᠠᠷᠠᠯᠲᠠᠲᠤ ᠡᠭᠦᠷᠭᠡ᠎ᠶ᠋ᠢ ᠨᠠᠢᠳᠠᠪᠤᠷᠢᠵᠢᠭᠤᠯᠬᠤ᠂ ᠪᠠᠯᠠ ᠮᠥᠩᠭᠦ᠌ ᠴᠤᠭ᠍ᠯᠠᠭᠤᠯᠬᠤ᠂ ᠪᠥᠲᠥᠭᠡᠨ ᠪᠠᠢᠭᠤᠯᠬᠤ ᠠᠬᠢᠴᠠ᠂ ᠪᠠᠷᠢᠯᠭ᠎ᠠ᠎ᠶ᠋ᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ᠎ᠳᠤ ᠶᠡᠷᠦᠩᠬᠡᠶ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠤᠲᠠ ᠲᠤᠰᠭᠠᠶ ᠣᠷᠣᠨ᠎ᠤ ᠱᠠᠲᠤᠨ᠎ᠤ ᠵᠠᠰᠠᠭ᠎ᠤᠨ ᠣᠷᠳᠣᠨ ᠲᠥᠷᠥᠯ ᠵᠦᠶ᠋ᠯ᠎ᠢ ᠬᠡᠷᠡᠭ᠌ᠵᠢᠭᠦᠯᠬᠦ᠌ ᠠᠬᠢᠴᠠ᠂ ᠪᠠᠷᠢᠯᠭ᠎ᠠ᠎ᠶ᠋ᠢᠨ ᠶᠠᠰᠤ ᠴᠢᠨᠠᠷ᠂ ᠪᠠᠷᠢᠯᠭ᠎ᠠ ᠳᠠᠭᠤᠰᠤᠭ᠍ᠰᠠᠨᠢ ᠱᠢᠯᠭᠠᠨ ᠠᠪᠬᠤ᠂ ᠪᠠᠯᠠ ᠮᠥᠩᠭᠦ᠎ᠶ᠋ᠢ ᠬᠡᠷᠡᠭ᠌ᠯᠡᠬᠦ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ᠎ᠳᠤ ᠭᠤᠥᠯ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠶᠠᠨ᠎ᠤ ᠱᠠᠲᠤᠨ᠎ᠤ ᠵᠠᠰᠠᠭ᠎ᠤᠨ ᠣᠷᠳᠣᠨ ᠲᠥᠷᠥᠯ ᠵᠦᠶ᠋ᠯ᠎ᠢ ᠬᠡᠷᠡᠭ᠌ᠵᠢᠭᠦᠯᠬᠦ᠂ ᠪᠠᠷᠢᠯᠭ᠎ᠠ᠎ᠶ᠋ᠢᠨ ᠶᠠᠰᠤ ᠴᠢᠨᠠᠷ᠂ ᠪᠠᠯᠠ ᠮᠥᠩᠭᠦ᠎ᠶ᠋ᠢ ᠬᠡᠷᠡᠭ᠌ᠯᠡᠬᠦ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ᠎ᠳᠤ ᠭᠤᠥᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃
(ᠠᠷᠪᠠᠨ ᠳᠣᠯᠤᠭ᠎ᠠ) ᠡᠯ᠎ᠡ ᠲᠠᠯ᠎ᠠ᠎ᠪᠠᠷ᠎ᠢᠶᠠᠨ ᠬᠠᠮᠵᠢᠯᠴᠠᠨ᠂ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠦᠨ᠎ᠡ᠃ 《ᠲᠠᠪᠤ᠎ᠶ᠋ᠢ ᠨᠢᠭᠡᠳᠦᠯᠲᠡᠶ ᠲᠥᠯᠥᠪᠵᠢᠭᠦᠯᠬᠦ᠌》 (ᠨᠢᠭᠡᠳᠦᠯᠲᠡᠶ ᠲᠥᠯᠥᠪᠵᠢᠭᠦᠯᠦᠨ ᠪᠠᠢᠷᠢᠯᠠᠭᠤᠯᠬᠤ᠂ ᠨᠢᠭᠡᠳᠦᠯᠲᠡᠶ ᠪᠥᠲᠥᠭᠡᠨ ᠪᠠᠢᠭᠤᠯᠬᠤ ᠪᠠᠷᠢᠮᠵᠢᠶ᠎ᠠ᠎ᠶ᠋ᠢ ᠨᠢᠭᠡᠳᠭᠡᠬᠦ᠂ ᠨᠢᠭᠡᠳᠦᠯᠲᠡᠶ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠨᠢᠭᠡᠳᠦᠯᠲᠡᠶ ᠱᠢᠯᠭᠠᠨ ᠬᠤᠷᠢᠶᠠᠵᠤ ᠬᠢᠨᠠᠨ ᠱᠢᠯᠭᠠᠬᠤ᠂ ᠨᠢᠭᠡᠳᠦᠯᠲᠡᠶ ᠵᠢᠷᠤᠭ᠎ᠢ ᠬᠥᠮᠥᠷᠭᠡ᠎ᠳᠤ ᠣᠷᠣᠭᠤᠯᠬᠤ) ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠭᠤᠨ᠎ᠤ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠭᠠᠨ᠂ ᠮᠥᠷᠳᠡᠨ ᠦᠨᠡᠯᠡᠬᠦ᠌᠎ᠪᠠᠨ ᠴᠢᠩᠭᠠᠳᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠡᠯ᠎ᠡ ᠵᠦᠶ᠋ᠯ᠎ᠤᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃ ᠪᠦᠲᠦᠭᠡᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠪᠣᠳᠣᠯᠬᠢᠯᠠᠵᠤ᠂ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠭᠦᠢᠴᠡᠳ ᠬᠦᠨᠳᠦᠳᠭᠡᠭ᠌ᠰᠡᠨ ᠤᠷᠢᠲᠠᠯ ᠳᠣᠣᠷ᠎ᠠ᠂ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯᠡᠰ᠎ᠢ ᠵᠢᠷᠤᠵᠤ ᠲᠥᠯᠥᠪᠯᠡᠬᠦ᠂ ᠬᠡᠷᠡᠭ᠌ᠵᠢᠭᠦᠯᠬᠦ᠂ ᠡᠵᠡᠩᠨᠡᠬᠦ᠂ ᠬᠠᠮᠢᠶᠠᠷᠴᠤ᠌ ᠬᠠᠮᠠᠭᠠᠯᠠᠬᠤ᠎ᠶ᠋ᠢ ᠨᠢᠭᠡ ᠴᠤᠭ᠍ᠴᠠᠵᠢᠭᠤᠯᠬᠤ᠎ᠶ᠋ᠢ ᠰᠦᠪᠡᠭ᠌ᠴᠢᠯᠡᠨ ᠠᠬᠢᠭᠤᠯᠤᠨ᠎ᠠ᠃ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠍᠂ ᠲᠠᠷᠢᠶᠠᠯᠠᠩ᠎ᠤᠨ ᠮᠠᠱᠢᠨ ᠲᠠᠷᠢᠶᠠᠯᠠᠩ᠎ᠤᠨ ᠮᠡᠷᠭᠡᠵᠢᠯ᠎ᠤᠨ ᠮᠡᠷᠭᠡᠵᠢᠯ᠎ᠯᠦᠭᠡ ᠲᠥᠪᠯᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠨ᠎ᠠ᠃ ᠤᠰᠤᠨ ᠴᠣᠭ᠍ᠴᠠ᠎ᠶ᠋ᠢᠨ ᠠᠽᠣᠲ᠂ ᠹᠣᠰᠹᠣᠷ ᠵᠡᠷᠭᠡ ᠪᠣᠬᠢᠷᠲᠤᠯ᠎ᠢᠶᠠᠷ ᠲᠣᠪᠤᠢᠮ᠎ᠠ ᠣᠷᠣᠨ ᠪᠦᠰᠡ᠎ᠳᠤ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠬᠠᠮᠢᠶ᠎ᠠ ᠪᠥᠬᠦᠶ ᠲᠥᠷᠥᠯ ᠵᠦᠶ᠋ᠯ᠎ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠵᠦ᠍᠂ ᠲᠠᠷᠢᠶᠠᠨ ᠭᠠᠵᠠᠷ᠎ᠤᠨ ᠤᠰᠤ ᠤᠬᠤᠷᠢᠭᠤᠯᠤᠨ ᠡᠷᠭᠢᠯᠳᠦᠭᠦᠯᠦᠨ ᠠᠱᠢᠭ᠍ᠯᠠᠬᠤ᠎ᠶ᠋ᠢ ᠠᠬᠢᠭᠤᠯᠤᠨ᠎ᠠ᠃ ᠰᠠᠯᠬᠢ ᠡᠯᠡᠰᠦᠨ᠎ᠤ ᠬᠥᠨᠥᠭᠡᠯ᠎ᠲᠠᠢ ᠭᠠᠵᠠᠷ ᠣᠷᠣᠨ᠎ᠳᠤ 《ᠭᠤᠷᠪᠠᠨ ᠤᠮᠠᠷᠠᠲᠤ》 ᠵᠡᠷᠭᠡ ᠭᠤᠥᠯᠳᠠᠯᠭ᠎ᠠ᠎ᠲᠠᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠲᠣᠮᠣ ᠲᠣᠥᠷᠵᠢᠭ᠍ᠰᠠᠨ ᠲᠠᠷᠢᠶᠠᠨ ᠭᠠᠵᠠᠷ᠎ᠤᠨ ᠣᠶ᠎ᠶ᠋ᠢᠨ ᠲᠣᠥᠷᠤᠨ ᠪᠥᠲᠥᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠦᠨ᠂ ᠲᠠᠷᠢᠶᠠᠨ ᠭᠠᠵᠠᠷ᠎ᠤᠨ ᠲᠣᠭ᠍ᠲᠠᠭᠤᠨ ᠪᠥᠭᠡᠳ ᠥᠨᠳᠥᠷ ᠤᠨᠠᠯᠲᠠ᠎ᠲᠠᠢ ᠪᠠᠢᠬᠤ᠎ᠶ᠋ᠢ ᠠᠬᠢᠭᠤᠯᠤᠨ᠎ᠠ᠃
(ᠠᠷᠪᠠᠨ ᠨᠠᠢ᠍ᠮᠠ) ᠣᠯᠠᠨ ᠲᠦᠮᠡᠨ᠎ᠤ ᠣᠷᠣᠯᠴᠠᠵᠤ᠂ ᠤᠯᠠᠨ ᠲᠦᠮᠡᠨ ᠮᠡᠳᠡᠷᠡᠵᠦ᠍ ᠣᠷᠣᠯᠴᠠᠵᠤ ᠲᠡᠢᠯᠬᠦ᠌ ᠪᠣᠯᠭᠠᠨ᠎ᠠ᠃ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ᠂ ᠲᠠᠷᠢᠶᠠᠴᠢᠨ ᠤᠯᠠᠨ ᠲᠦᠮᠡᠨ ᠵᠡᠷᠭᠡ᠎ᠶ᠋ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ᠌ ᠪᠠᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ ᠪᠠ ᠡᠵᠡᠩᠨᠡᠯᠲᠡ᠎ᠶ᠋ᠢᠨ ᠬᠠᠮᠢᠶᠠᠷᠤᠯᠲᠠ ᠬᠠᠮᠠᠭᠠᠯᠠᠯᠲᠠ᠎ᠳᠤ ᠣᠷᠣᠯᠴᠠᠭᠤᠯᠵᠤ᠂ ᠲᠠᠷᠢᠶᠠᠴᠢᠳ᠎ᠤᠨ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ᠎ᠶ᠋ᠢ ᠨᠠᠢᠳᠠᠪᠤᠷᠢᠵᠢᠭᠤᠯᠤᠨ᠎ᠠ᠃ ᠲᠥᠷᠥᠯ ᠵᠦᠶ᠋ᠯ᠎ᠤᠨ ᠭᠠᠵᠠᠷ ᠰᠣᠩᠭᠤᠬᠤ᠂ ᠵᠢᠷᠤᠭ᠍ᠯᠠᠨ ᠲᠥᠯᠥᠪᠯᠡᠬᠦ᠌ ᠵᠡᠷᠭᠡ ᠡᠮᠦᠨᠡᠬᠢ ᠬᠤᠭᠤᠴᠠᠭᠠᠨ᠎ᠤ ᠠᠵᠢᠯ᠎ᠤᠨ ᠳᠤᠮᠳᠠ᠂ ᠣᠯᠠᠨ ᠲᠦᠮᠡᠨ᠎ᠤ ᠰᠠᠨᠠᠯ᠎ᠢ ᠥᠷᠭᠡᠨ᠎ᠢᠶᠠᠷ ᠬᠤᠷᠢᠶᠠᠵᠤ᠂ ᠪᠥᠲᠥᠭᠡᠨ ᠪᠠᠢᠭᠤᠯᠤᠯᠲᠠ᠎ᠶ᠋ᠢᠨ ᠠᠭᠤᠯᠭ᠎ᠠ᠎ᠶ᠋ᠢᠨ ᠪᠣᠳᠠᠲᠠᠶ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠠᠷᠢᠶᠠᠴᠢᠳ᠎ᠤᠨ ᠪᠠᠷᠢᠯᠭ᠎ᠠ᠎ᠶ᠋ᠢᠨ ᠮᠠᠲ᠋ᠧᠷᠢᠶᠠᠯ᠎ᠢ ᠲᠠᠯᠠᠪᠠᠢ᠎ᠳᠤ ᠣᠷᠣᠭᠤᠯᠬᠤ᠂ ᠡᠳᠦᠷ ᠲᠤᠳᠤᠮ᠎ᠤᠨ ᠪᠠᠷᠢᠯᠭ᠎ᠠ ᠪᠠᠷᠢᠬᠤ᠂ ᠲᠠᠯᠳᠠ ᠪᠠᠷᠢᠯᠭ᠎ᠠ᠎ᠶ᠋ᠢ ᠱᠢᠯᠭᠠᠨ ᠠᠪᠬᠤ᠂ ᠬᠢᠨᠠᠨ ᠬᠠᠮᠢᠶᠠᠷᠴᠤ᠌ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠡᠷᠭᠡ᠎ᠳᠤ ᠬᠢᠨᠠᠯᠲᠠ ᠲᠠᠯᠪᠢᠬᠤ᠎ᠶ᠋ᠢ ᠵᠣᠷᠢᠭ᠍ᠵᠢᠭᠤᠯᠤᠨ᠎ᠠ᠃
(ᠠᠷᠪᠠ ᠶᠢᠰᠦ) ᠬᠥᠳᠡᠯᠦᠩᠭᠦᠶ᠎ᠪᠠᠷ ᠮᠥᠷᠳᠡᠵᠦ᠍᠂ ᠱᠠᠲᠤ ᠬᠤᠪᠢᠶᠠᠨ ᠦᠨᠡᠯᠡᠨ᠎ᠡ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠵᠠᠳᠠᠯᠤᠨ ᠰᠤᠳᠤᠯᠵᠤ ᠮᠠᠭᠠᠳᠯᠠᠬᠤ᠂ ᠵᠠᠷᠯᠠᠨ ᠮᠡᠳᠡᠭ᠌ᠳᠡᠵᠦ᠍ ᠪᠣᠯᠵᠣᠨ ᠶᠠᠷᠢᠯᠴᠠᠬᠤ᠂ ᠱᠢᠯᠢᠳᠡᠭ᠎ᠢ᠎ᠨᠢ ᠱᠠᠩᠨᠠᠵᠤ ᠮᠠᠭᠤ᠎ᠶ᠋ᠢ᠎ᠨᠢ ᠲᠣᠷᠭᠠᠬᠤ ᠡᠭᠦᠷᠭᠡ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠦᠨ᠎ᠠ᠃ ᠡᠯ᠎ᠡ ᠭᠠᠵᠠᠷ᠎ᠤᠨ᠎ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠦᠨᠡᠯᠡᠯᠲᠡ᠎ᠶ᠋ᠢᠨ ᠵᠢᠷᠤᠮᠵᠢᠯ ᠵᠡᠷᠭᠡ ᠤᠯᠤᠰ᠎ᠤᠨ ᠪᠠᠷᠢᠮᠵᠢᠶ᠎ᠠ᠎ᠶ᠋ᠢ ᠦᠨᠳᠦᠰᠦᠯᠡᠨ᠂ ᠨᠢᠭᠡᠨᠲᠡ ᠱᠢᠯᠭᠠᠨ ᠠᠪᠤᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠲᠥᠷᠥᠯ ᠬᠤᠪᠢᠶᠠᠨ ᠲᠠᠰ ᠬᠤᠪᠢᠶᠠᠨ ᠦᠨᠡᠯᠡᠬᠦ᠌ ᠠᠵᠢᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍᠂ ᠱᠠᠭᠠᠷᠳᠠᠯᠭ᠎ᠠ᠎ᠳᠤ ᠨᠡᠢᠴᠡᠬᠦ᠌ ᠥᠬᠡᠶ᠎ᠶ᠋ᠢ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢᠶᠠᠷ ᠮᠠᠭᠠᠳᠯᠠᠨ ᠲᠣᠭ᠍ᠲᠠᠭᠠᠵᠤ ᠪᠣᠯᠬᠤ ᠥᠬᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠪᠥᠬᠦ᠌ ᠦᠶᠡᠯᠡᠯ᠎ᠤᠨ ᠬᠤᠭᠤᠴᠠᠭᠠᠨ᠎ᠤ ᠬᠠᠷᠢᠭᠤᠴᠠᠯᠭ᠎ᠠ᠎ᠶ᠋ᠢ ᠭᠡᠳᠡᠷᠭᠦ᠌ ᠪᠠᠢᠴᠠᠭᠠᠬᠤ ᠪᠠ ᠨᠠᠰᠤᠨ ᠲᠤᠷᠱᠢᠳᠠ ᠬᠠᠷᠢᠭᠤᠴᠠᠯᠭ᠎ᠠ ᠨᠡᠬᠡᠮᠵᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠵᠦᠶ᠋ᠯ᠎ᠤᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃
(ᠬᠤᠷᠢ) ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠳᠤᠮᠳᠠᠬᠢ ᠢᠯᠵᠢᠷᠡᠯ ᠪᠠ ᠰᠤᠷᠲᠠᠯ᠎ᠤᠨ ᠠᠰᠠᠭᠤᠳᠠᠯ᠎ᠢ ᠡᠷᠡᠰ᠎ᠢᠶᠠᠷ ᠵᠠᠯᠠᠷᠠᠭᠤᠯᠤᠨ ᠵᠠᠰᠠᠵᠤ᠂ ᠲᠠᠷᠢᠶᠠᠴᠢᠳ᠎ᠤᠨ ᠠᠱᠢᠭ ᠲᠤᠰᠠ᠎ᠶ᠋ᠢ ᠬᠤᠬᠢᠷᠠᠭᠤᠯᠤᠭ᠍ᠰᠠᠨ᠂ ᠤᠯᠠᠨ ᠲᠦᠮᠡᠨ᠎ᠤ ᠲᠤᠰᠭᠠᠯ ᠶᠡᠬᠡᠲᠡᠶ ᠬᠡᠷᠡᠭ ᠶᠠᠪᠤᠳᠠᠯ᠎ᠢ ᠴᠢᠩᠭ᠎ᠠ ᠠᠩᠬᠠᠷᠴᠤ᠌᠂ ᠭᠤᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠱᠠᠮᠱᠢᠨ ᠡᠵᠡᠯᠡᠬᠦ᠂ ᠬᠤᠳᠠᠯ᠎ᠢᠶᠠᠷ ᠮᠡᠳᠡᠭᠦᠯᠵᠦ᠍ ᠬᠠᠭᠤᠷᠮᠠᠭ᠍ᠯᠠᠨ ᠠᠪᠬᠤ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ ᠵᠡᠷᠭᠡ ᠦᠢᠯᠡ ᠠᠵᠢᠯᠯᠠᠭ᠎ᠠ᠎ᠶ᠋ᠢ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶ᠋ᠢᠨ ᠶᠣᠰᠣᠭᠠᠷ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠠᠷᠢᠭᠤᠨ ᠴᠢᠬᠡᠴᠢ᠎ᠶ᠋ᠢᠨ ᠠᠶᠤᠯ ᠲᠦᠭ᠌ᠰᠢᠭᠦᠷᠢ᠎ᠶ᠋ᠢ ᠦᠨᠡᠨ ᠬᠦ᠌ ᠰᠡᠷᠭᠡᠢᠯᠡᠨ᠎ᠡ᠃