ᠲᠥᠷᠥᠯ ᠵᠦᠶ᠋ᠯ᠎ᠦᠨ ᠨᠡᠷᠡᠶ᠋ᠢᠳᠦᠯ ᠄ ᠠ ᠹᠸᠩ᠎ᠤᠨ 500 ᠺᠢᠯᠣᠸᠠᠲ᠎ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ
ᠪᠥᠲᠥᠭᠡᠨ ᠪᠠᠶ᠋ᠢᠭᠤᠯᠬᠤ ᠭᠠᠵᠠᠷ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱᠠ ᠠᠶ᠋ᠢᠮᠠᠭ᠎ᠤᠨ ᠡᠵᠡᠨ᠎ᠡ ᠬᠣᠰᠢᠭᠤ᠂ ᠠᠯᠠᠱᠠ ᠪᠠᠷᠠᠭᠤᠨ ᠬᠣᠰᠢᠭᠤ᠂ ᠠᠯᠠᠱᠠ ᠵᠡᠭᠦᠨ ᠬᠣᠰᠢᠭᠤᠨ᠎ᠤ ᠬᠢᠯᠢ ᠳᠣᠲᠣᠷ᠎ᠠ
ᠪᠥᠲᠥᠭᠡᠨ ᠪᠠᠶ᠋ᠢᠭᠤᠯᠤᠯᠲᠠ᠎ᠶᠢᠨ ᠨᠢᠭᠡᠴᠢ ᠄ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠦᠬᠠᠶ᠎ᠶᠢᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ
ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠᠶ᠋ᠢᠭᠤᠯᠤᠮᠵᠢ ᠄ ᠥᠪᠥᠷ ᠮᠣᠩᠭᠣᠯ᠎ᠤᠨ ᠬᠤᠸᠠ ᠴᠢᠶᠠᠩ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ
ᠲᠥᠷᠥᠯ ᠵᠦᠶ᠋ᠯ᠎ᠦᠨ ᠲᠣᠶ᠋ᠢᠮᠣ᠌ ᠪᠠᠶ᠋ᠢᠳᠠᠯ ᠄ (1) ᠠ ᠹᠸᠩ᠎ᠤᠨ 500kV᠎ᠤᠨ ᠬᠦᠴᠦᠳᠡᠯ ᠥᠭᠡᠷᠡᠴᠢᠯᠡᠬᠦ ᠥᠷᠲᠡᠭᠡ᠎ᠶᠢ ᠰᠢᠨ᠎ᠡ᠎ᠪᠡᠷ ᠪᠠᠶ᠋ᠢᠭᠤᠯᠤᠨ᠎ᠠ ; (2)ᠠ ᠹᠸᠩ᠎ᠤᠨ 500kV ᠤᠨ ᠬᠦᠴᠦᠳᠡᠯ ᠥᠭᠡᠷᠡᠴᠢᠯᠡᠬᠦ – ᠠ ᠭᠤᠸᠠᠩ᠎ᠤᠨ 2 ᠬᠣᠣᠰ ᠪᠤᠴᠠᠯᠲᠠ᠎ᠶᠢᠨ 500kV ᠤᠨ ᠱᠤᠭᠤᠮ᠂ ᠠᠭᠠᠷᠲᠠᠬᠢ ᠱᠤᠭᠤᠮ 376.6km᠂ ᠢᠵᠢᠯᠢ ᠰᠤᠪᠤᠷᠭ᠎ᠠ᠎ᠶᠢᠨ ᠬᠣᠣᠰ ᠪᠤᠴᠠᠯᠲᠠ᠎ᠶᠢᠨ 0.15km᠂ ᠳᠠᠩ ᠪᠤᠴᠠᠯᠲᠠ᠎ᠶᠢᠨ ᠱᠤᠭᠤᠮ 2×188.15km᠎ᠢ ᠰᠢᠨ᠎ᠡ᠎ᠪᠡᠷ ᠪᠠᠢᠭᠤᠯᠤᠨ᠎ᠠ᠃
ᠤᠯᠠᠨ ᠲᠦᠮᠡᠨ ᠣᠷᠣᠯᠴᠠᠭᠰᠠᠨ ᠪᠠᠶ᠋ᠢᠳᠠᠯ ᠄ ᠪᠥᠲᠥᠭᠡᠨ ᠪᠠᠶ᠋ᠢᠭᠤᠯᠤᠯᠲᠠ᠎ᠶᠢᠨ ᠨᠢᠭᠡᠴᠢ 2025 ᠣᠨ᠎ᠤ 1 ᠰᠠᠷ᠎ᠠ᠎ᠶᠢᠨ 21᠎ᠦ ᠡᠳᠦᠷ ᠠᠮᠢ ᠠᠬᠤᠶ ᠣᠷᠴᠢᠨ ᠲᠣᠭᠣᠷᠢᠨ᠎ᠤ ᠢᠯᠡ ᠨᠡᠶ᠋ᠢᠲᠡᠯᠡᠬᠦ ᠰᠦᠯᠵᠢᠶᠡᠨ᠎ᠦ ᠲᠠᠪᠴᠠᠩ᠎ᠳᠤ ᠰᠦᠯᠵᠢᠶᠡᠨ᠎ᠦ ᠬᠡᠯᠪᠡᠷᠢ᠎ᠪᠡᠷ ᠠᠩᠬ᠎ᠠ ᠤᠳᠠᠭ᠎ᠠ ᠢᠯᠡ ᠨᠡᠶ᠋ᠢᠲᠡᠯᠡᠪᠡ (ᠠᠩᠬ᠎ᠠ ᠤᠳᠠᠭ᠎ᠠ ᠢᠯᠡ ᠨᠡᠶ᠋ᠢᠲᠡᠯᠡᠪᠡ)᠃ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠡᠬᠡ ᠨᠣᠥᠷᠠᠭ (ᠰᠠᠨᠠᠯ ᠬᠤᠷᠢᠶᠠᠬᠤ ᠡᠬᠡ ᠨᠣᠥᠷᠠᠭ)᠎ᠢ ᠳᠠᠭᠤᠰᠬᠠᠭᠰᠠᠨ᠎ᠤ ᠳᠠᠷᠠᠭ᠎ᠠ 2025 ᠣᠨ᠎ᠤ 4 ᠰᠠᠷ᠎ᠠ᠎ᠶᠢᠨ 15᠎ᠤ ᠡᠳᠦᠷ᠎ᠡᠴᠡ 2025 ᠣᠨ᠎ᠤ 4 ᠰᠠᠷ᠎ᠠ᠎ᠶᠢᠨ 29᠎ᠦ ᠡᠳᠦᠷ ᠪᠣᠯᠲᠠᠯ᠎ᠠ ᠤᠮᠠᠷᠠᠳᠤ ᠰᠦᠯᠵᠢᠶ᠎ᠡ᠎ᠳᠦ ᠰᠦᠯᠵᠢᠶᠡᠨ᠎ᠦ ᠬᠡᠯᠪᠡᠷᠢ᠎ᠪᠡᠷ ᠬᠣᠶᠠᠳᠠᠬᠢ ᠤᠳᠠᠭ᠎ᠠ ᠢᠯᠡ ᠨᠡᠶ᠋ᠢᠲᠡᠯᠡᠪᠡ (ᠰᠠᠨᠠᠯ ᠬᠤᠷᠢᠶᠠᠬᠤ ᠡᠬᠡ ᠨᠣᠥᠷᠠᠭᠢ ᠢᠯᠡ ᠨᠡᠶ᠋ᠢᠲᠡᠯᠡᠪᠡ)᠃ 2025 ᠣᠨ᠎ᠤ 4 ᠰᠠᠷ᠎ᠠ᠎ᠶᠢᠨ 15᠎ᠤ ᠡᠳᠦᠷ᠎ᠡᠴᠡ 2025 ᠣᠨ᠎ᠤ 4 ᠰᠠᠷ᠎ᠠ᠎ᠶᠢᠨ 29᠎ᠦ ᠡᠳᠦᠷ ᠪᠣᠯᠲᠠᠯᠠᠬᠢ ᠬᠤᠭᠤᠴᠠᠭᠠᠨ᠎ᠳᠤ ᠤᠮᠠᠷᠠᠲᠤ᠎ᠶᠢᠨ ᠰᠢᠨ᠎ᠡ ᠰᠣᠨᠢᠨ᠎ᠳᠦ ᠲᠣᠰ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠢ ᠬᠣᠶᠠᠷ ᠤᠳᠠᠭ᠎ᠠ ᠨᠡᠶ᠋ᠢᠲᠡᠯᠡᠵᠦ᠂ ᠡᠭᠦᠨ᠎ᠦ ᠬᠠᠮᠲᠤ ᠵᠠᠮ ᠱᠤᠭᠤᠮ᠎ᠤᠨ ᠣᠶ᠋ᠢᠷ᠎ᠠ ᠬᠠᠪᠢ᠎ᠶᠢᠨ ᠬᠣᠰᠢᠭᠤ ᠰᠢᠶᠠᠨ᠎ᠳᠤ ᠠᠯᠪᠠᠨ ᠵᠠᠷ ᠨᠠᠭᠠᠵᠤ᠂ ᠲᠣᠰ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠎ᠶᠢᠨ ᠲᠤᠬᠠᠶ ᠣᠯᠠᠨ ᠨᠡᠶ᠋ᠢᠲᠡ᠎ᠶᠢᠨ ᠰᠠᠨᠠᠯ᠎ᠢ ᠬᠤᠷᠢᠶᠠᠭᠰᠠᠨ ᠪᠠᠶ᠋ᠢᠨ᠎ᠠ᠃
ᠲᠥᠷᠥᠯ ᠵᠦᠶ᠋ᠯ᠎ᠢ ᠢᠯᠡ ᠨᠡᠶ᠋ᠢᠲᠡᠯᠡᠬᠦ ᠴᠠᠭ ᠨᠢ 2025 ᠣᠨ᠎ᠤ 7 ᠰᠠᠷ᠎ᠠ᠎ᠶᠢᠨ 29᠎ᠦ ᠡᠳᠦᠷ ᠪᠣᠯᠤᠨ᠎ᠠ᠃ ᠬᠡᠷᠪᠡ ᠲᠥᠷᠥᠯ ᠵᠦᠢᠯ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠢ ᠬᠢᠨᠠᠨ ᠵᠥᠪᠰᠢᠶᠡᠷᠡᠬᠦ᠎ᠳᠦ ᠣᠨᠳᠣᠣ ᠰᠠᠨᠠᠯ᠎ᠲᠠᠢ ᠪᠠᠶ᠋ᠢᠪᠠᠯ᠂ ᠢᠯᠡ ᠨᠡᠶ᠋ᠢᠲᠡᠯᠡᠬᠦ ᠴᠠᠭ᠎ᠤᠨ ᠳᠣᠲᠣᠷ᠎ᠠ ᠮᠠᠨ᠎ᠤ ᠲᠢᠩᠬᠢᠮ᠎ᠳᠦ ᠰᠠᠨᠠᠯ᠎ᠢᠶᠠᠨ ᠲᠤᠰᠬᠠᠬᠤ ᠪᠤᠶᠤ ᠪᠢᠴᠢᠭ᠎ᠢᠶᠡᠷ ᠰᠠᠨᠠᠯ᠎ᠢᠶᠠᠨ ᠳᠤᠷᠠᠳᠴᠤ ᠪᠣᠯᠤᠨ᠎ᠠ᠃
ᠬᠠᠷᠢᠯᠴᠠᠬᠤ ᠤᠲᠠᠰᠤ ᠄ 0471-4632071
ᠬᠠᠶᠢᠭ᠋ ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠋᠎ᠤᠨ ᠲᠸᠩ ᠹᠸᠢ ᠵᠠᠮ᠎ᠤᠨ 39 ᠳ᠋ᠦ᠍ᠭᠡᠷ ᠨᠣᠮᠧᠷ
ᠰᠢᠦᠳᠠᠨ ᠳ᠋ᠤᠭᠠᠷ ᠄ 010011