ᠰᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶᠢᠨ 7᠎ᠤ ᠡᠳᠦᠷ᠎ᠦᠨ ᠮᠡᠳᠡᠭᠡ ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠳᠦᠷᠢᠮ 》 ( ᠳᠣᠷᠣᠭ᠍ᠰᠢ 《 ᠳᠦᠷᠢᠮ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠬᠤ᠎ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
ᠮᠡᠳᠡᠭᠳᠡᠯ᠎ᠳᠦ᠂ 《 ᠳᠦᠷᠢᠮ 》᠎ᠳᠦ ᠵᠠᠰᠠᠪᠤᠷᠢ ᠣᠷᠣᠭᠤᠯᠬᠤ᠎ᠳᠠᠭᠠᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ ᠪᠣᠯᠣᠨ ᠲᠦᠷᠦ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠯᠤᠰ ᠲᠦᠷᠦ᠎ᠶᠢᠨ ᠱᠠᠭᠠᠷᠳᠠᠯᠭ᠎ᠠ᠎ᠶᠢ ᠴᠢᠨᠠᠭᠰᠢᠳᠠ ᠴᠢᠩᠭᠠᠳᠬᠠᠵᠤ᠂ ᠨᠠᠮ᠎ᠤᠨ ᠠᠵᠢᠯ᠎ᠤᠨ ᠪᠠᠢᠭᠤᠯᠭ᠎ᠠ᠎ᠶᠢ ᠪᠠᠶ᠋ᠢᠭᠤᠯᠬᠤ ᠪᠠ ᠠᠵᠢᠯᠯᠠᠭᠤᠯᠬᠤ᠎ᠶᠢ ᠵᠢᠷᠤᠮᠵᠢᠭᠤᠯᠵᠤ᠂ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ ᠪᠣᠯᠣᠨ ᠠᠵᠢᠯ᠎ᠤᠨ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠮᠡᠳᠡᠭᠳᠡᠯ᠎ᠳᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ 《 ᠳᠦᠷᠢᠮ 》᠎ᠤᠨ ᠬᠡᠷᠡᠭᠵᠢᠭᠦᠯᠦᠯᠲᠡ᠎ᠶᠢᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠤᠬᠠᠭᠤᠯᠤᠨ ᠲᠠᠢᠯᠪᠤᠷᠢᠯᠠᠬᠤ ᠪᠠ ᠱᠠᠯᠠᠪᠳᠠᠭᠤᠯᠤᠨ ᠪᠠᠢᠴᠠᠭᠠᠬᠤ᠎ᠶᠢ ᠰᠠᠢᠲᠤᠷ ᠠᠳᠬᠤᠵᠤ᠂ 《 ᠳᠦᠷᠢᠮ 》᠎ᠤᠨ ᠡᠯ᠎ᠡ ᠵᠦᠢᠯ᠎ᠦᠨ ᠲᠣᠭᠲᠠᠭᠠᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ᠎ᠤᠨ ᠡᠯ᠎ᠡ ᠱᠠᠲᠤᠨ᠎ᠤ ᠠᠵᠢᠯ᠎ᠤᠨ ᠪᠠᠢᠭᠤᠯᠭ᠎ᠠ 《 ᠳᠦᠷᠢᠮ 》᠎ᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ 《 ᠳᠦᠷᠢᠮ 》᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠤᠯᠤᠰ ᠲᠦᠷᠦ᠎ᠶᠢᠨ ᠪᠠᠢᠭᠤᠯᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠨ᠂ ᠭᠦᠢᠴᠡᠳᠬᠡᠬᠦ ᠪᠠᠢᠭᠤᠯᠭ᠎ᠠ᠎ᠶᠢᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠬᠣᠷᠢᠶᠠᠨ᠎ᠤ ᠰᠠᠢᠨ ᠵᠥᠪᠯᠡᠭᠴᠢ ᠲᠤᠰᠠᠯᠠᠭ᠍ᠴᠢ ᠪᠣᠯᠵᠤ᠂ ᠨᠠᠮ᠎ᠤᠨ ᠤᠳᠤᠷᠢᠳᠤᠯᠭ᠎ᠠ᠎ᠶᠢ ᠬᠡᠷᠡᠭᠵᠢᠭᠦᠯᠬᠦ᠎ᠶᠢ ᠦᠨᠡᠨ ᠬᠦ᠌ ᠭᠦᠢᠴᠡᠳᠬᠡᠵᠦ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠂ ᠨᠠᠮ᠎ᠤᠨ ᠦᠢᠯᠡᠰ᠎ᠦᠨ ᠡᠯ᠎ᠡ ᠵᠦᠢᠯ᠎ᠦᠨ ᠲᠤᠰᠢᠶᠠᠯ ᠬᠠᠷᠢᠭᠤᠴᠠᠯᠭ᠎ᠠ᠎ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《 ᠳᠦᠷᠢᠮ 》᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠢᠳᠠᠯ ᠪᠠ ᠰᠠᠨᠠᠭᠤᠯᠭ᠎ᠠ᠎ᠪᠠᠨ ᠴᠠᠭ ᠲᠤᠬᠠᠢ ᠳ᠋ᠤᠨᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃
《 ᠳᠦᠷᠢᠮ 》᠎ᠦᠨ ᠪᠦᠬᠦ ᠠᠭᠤᠯᠭ᠎ᠠ ᠨᠢ ᠳᠣᠣᠷᠠᠬᠢ ᠮᠡᠲᠦ᠄
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠳᠦᠷᠢᠮ
( 2016 ᠣᠨ᠎ᠤ 11 ᠰᠠᠷ᠎ᠠ᠎ᠶᠢᠨ 30᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠠᠴᠠ ᠬᠢᠨᠠᠨ ᠵᠥᠪᠯᠡᠵᠦ ᠵᠥᠪᠰᠢᠶᠡᠷᠡᠪᠡ 2017 ᠣᠨ᠎ᠤ 3 ᠰᠠᠷ᠎ᠠ᠎ᠶᠢᠨ 1᠎ᠤ ᠡᠳᠦᠷ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠨᠡᠢᠲᠡᠯᠡᠪᠡ 2025 ᠣᠨ᠎ᠤ 11 ᠰᠠᠷ᠎ᠠ᠎ᠶᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠪᠠ 2025 ᠣᠨ᠎ᠤ 11 ᠰᠠᠷ᠎ᠠ᠎ᠶᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠨᠡᠢᠲᠡᠯᠡᠪᠡ )
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠠᠵᠢᠯ᠎ᠢ ᠴᠢᠩᠭᠠᠳᠬᠠᠨ ᠵᠢᠷᠤᠮᠵᠢᠭᠤᠯᠬᠤ᠎ᠶᠢᠨ ᠲᠥᠯᠥᠭᠡ᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ 》᠎ᠢ ᠦᠨᠳᠦᠰᠦᠯᠡᠨ ᠲᠤᠰ ᠳᠦᠷᠢᠮ᠎ᠢ ᠲᠣᠭᠲᠠᠭᠠᠪᠠ᠃
ᠬᠣᠶᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ ᠂ 《 ᠲᠦᠷᠪᠡᠨ ᠤᠬᠠᠮᠰᠠᠷ 》᠎ᠢᠶᠠᠨ ᠴᠢᠩᠭᠠᠳᠬᠠᠨ᠂ 《 ᠲᠦᠷᠪᠡᠨ ᠢᠲᠡᠭᠡᠯ 》᠎ᠢᠶᠡᠨ ᠪᠠᠲᠤᠳᠬᠠᠵᠤ᠂ 《 ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ᠎ᠶᠢᠨ ᠪᠠᠢᠭᠤᠯᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠨ᠂ ᠭᠦᠢᠴᠡᠳᠬᠡᠬᠦ ᠪᠠᠢᠭᠤᠯᠭ᠎ᠠ᠎ᠶᠢᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠬᠣᠷᠢᠶᠠᠨ᠎ᠤ ᠰᠠᠢᠨ ᠵᠥᠪᠯᠡᠭᠴᠢ ᠲᠤᠰᠠᠯᠠᠭ᠍ᠴᠢ ᠪᠣᠯᠵᠤ᠂ ᠨᠠᠮ᠎ᠤᠨ ᠤᠳᠤᠷᠢᠳᠤᠯᠭ᠎ᠠ᠎ᠶᠢ ᠬᠡᠷᠡᠭᠵᠢᠭᠦᠯᠬᠦ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠂ ᠨᠠᠮ᠎ᠤᠨ ᠦᠢᠯᠡᠰ᠎ᠢ ᠲᠦᠯᠬᠢᠨ ᠠᠬᠢᠭᠤᠯᠬᠤ ᠡᠯ᠎ᠡ ᠵᠦᠢᠯ᠎ᠦᠨ ᠲᠤᠰᠢᠶᠠᠯ ᠬᠠᠷᠢᠭᠤᠴᠠᠯᠭ᠎ᠠ᠎ᠶᠢ ᠦᠨᠡᠨ ᠬᠦ᠌ ᠭᠦᠢᠴᠡᠳᠬᠡᠨ᠎ᠡ᠃
ᠭᠤᠷᠪᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠳᠣᠣᠷ᠎ᠠ ᠵᠢᠭ᠍ᠰᠠᠭᠠᠭᠰᠠᠨ ᠵᠠᠷᠴᠢᠮ᠎ᠢ ᠵᠢᠷᠤᠮᠯᠠᠨ ᠠᠵᠢᠯ᠎ᠢᠶᠠᠨ ᠥᠷᠨᠢᠭᠦᠯᠬᠦ ᠬᠡᠷᠡᠭᠲᠡᠢ᠄
( ᠨᠢᠭᠡ ) ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ ᠨᠢ ᠨᠠᠮ᠎ᠢᠶᠠᠨ ᠬᠠᠮᠢᠶᠠᠷᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ ᠬᠡᠷᠡᠭᠲᠡᠢ;
( ᠬᠣᠶᠠᠷ ) ᠭᠣᠣᠯᠳᠠᠯᠭ᠎ᠠ᠎ᠲᠠᠢ ᠤᠶᠠᠯᠳᠤᠭᠤᠯᠤᠨ ᠂ ᠶᠡᠬᠡ ᠲᠠᠯ᠎ᠠ᠎ᠳᠤ ᠦᠢᠯᠡᠴᠢᠯᠡᠬᠦ᠎ᠶᠢ ᠪᠠᠷᠢᠮᠲᠠᠯᠠᠨ᠎ᠠ ;
( ᠭᠤᠷᠪᠠ ) ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠪᠠᠷᠢᠮᠲᠠᠯᠠᠬᠤ ᠬᠡᠷᠡᠭᠲᠡᠢ ;
( ᠳᠥᠷᠪᠡ ) ᠲᠤᠰ ᠲᠤᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠎ᠶᠢ ᠪᠠᠷᠢᠮᠲᠠᠯᠠᠵᠤ᠂ ᠨᠠᠮ᠎ᠤᠨ ᠡᠯ᠎ᠡ ᠵᠦᠢᠯ᠎ᠦᠨ ᠠᠵᠢᠯ᠎ᠤᠨ ᠵᠣᠬᠢᠴᠠᠩᠭᠤᠢ ᠨᠢᠭᠡᠳᠦᠯᠲᠡᠢ᠂ ᠬᠠᠮᠵᠢᠯᠴᠠᠨ ᠠᠬᠢᠭᠤᠯᠬᠤ᠎ᠶᠢ ᠦᠨᠡᠨ ᠬᠦ᠌ ᠪᠠᠲᠤᠯᠠᠨ᠎ᠠ ;
( ᠲᠠᠪᠤ ) ᠨᠠᠮ᠎ᠤᠨ ᠳᠦᠷᠢᠮ ᠨᠠᠮ᠎ᠤᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠬᠡᠪᠴᠢᠶᠡᠨ᠎ᠳᠦ ᠠᠵᠢᠯᠯᠠᠭ᠎ᠠ ᠬᠢᠨ᠎ᠡ᠃
ᠳᠥᠷᠪᠡᠳᠦᠭᠡᠷ ᠵᠦᠢᠯ ᠲᠤᠰ ᠳᠦᠷᠢᠮ ᠲᠥᠪ᠎ᠦᠨ ᠪᠠ ᠣᠷᠣᠨ ᠨᠤᠲᠤᠭ᠎ᠤᠨ ᠨᠠᠮ᠎ᠤᠨ ᠠᠵᠢᠯ᠎ᠤᠨ ᠪᠠᠢᠭᠤᠯᠭ᠎ᠠ᠎ᠳᠤ ᠲᠣᠬᠢᠷᠠᠨ᠎ᠠ᠃
ᠨᠠᠮ᠎ᠤᠨ ᠬᠣᠷᠢᠶ᠎ᠠ᠎ᠶᠢ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠨᠠᠮ᠎ᠤᠨ ᠠᠵᠢᠯ᠎ᠤᠨ ᠪᠠᠢᠭᠤᠯᠭ᠎ᠠ᠎ᠳᠤ ᠪᠠᠢᠭᠤᠯᠤᠭᠰᠠᠨ ᠪᠤᠶᠤ ᠨᠠᠮ᠎ᠤᠨ ᠠᠵᠢᠯ᠎ᠤᠨ ᠪᠠᠢᠭᠤᠯᠭ᠎ᠠ᠎ᠠᠴᠠ ᠬᠠᠮᠢᠶᠠᠷᠴᠤ ᠪᠠᠢᠭ᠎ᠠ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ ᠵᠡᠷᠭᠡ ᠪᠤᠶᠤ ᠲᠡᠭᠦᠨ᠎ᠦ ᠲᠤᠰᠢᠶᠠᠯ ᠬᠠᠷᠢᠭᠤᠴᠠᠯᠭ᠎ᠠ᠎ᠶᠢ ᠪᠦᠬᠦᠯᠢ ᠴᠣᠭᠴᠠ᠎ᠪᠠᠷ ᠨᠢ ᠡᠭᠦᠷᠭᠡᠯᠡᠵᠦ ᠪᠠᠢᠭ᠎ᠠ ᠪᠠᠢᠭᠤᠯᠭ᠎ᠠ᠂ ᠨᠠᠮ᠎ᠤᠨ ᠬᠣᠷᠢᠶᠠᠨ᠎ᠤ ᠰᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ᠎ᠳᠦ ᠪᠠᠢᠭᠤᠯᠤᠭᠰᠠᠨ ᠪᠠᠢᠪᠠᠯ᠂ ᠲᠤᠰ ᠳᠦᠷᠢᠮ᠎ᠢᠶᠡᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠂ ᠨᠠᠮ᠎ᠤᠨ ᠲᠥᠪ ᠬᠣᠷᠢᠶ᠎ᠠ᠎ᠠᠴᠠ ᠠᠰᠲᠠᠭᠠᠨ ᠲᠣᠭᠲᠠᠭᠠᠯ᠎ᠲᠠᠢ ᠨᠢ ᠡᠭᠦᠨ᠎ᠳᠦ ᠪᠠᠭᠲᠠᠬᠤ ᠦᠭᠡᠢ᠃
ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶᠢᠨ ᠪᠤᠢ ᠪᠣᠯᠬᠤ ᠪᠠ ᠲᠡᠭᠦᠨ᠎ᠢ ᠬᠡᠷᠡᠭᠵᠢᠭᠦᠯᠬᠦ᠎ᠳᠦ ᠨᠠᠮ᠎ᠤᠨ ᠳᠦᠷᠢᠮ ᠪᠠ ᠬᠣᠯᠪᠣᠭᠳᠠᠯ ᠪᠦᠬᠦᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠬᠣᠶᠠᠳᠤᠭᠠᠷ ᠪᠦᠯᠦᠭ ᠪᠠᠶ᠋ᠢᠭᠤᠯᠬᠤ
ᠲᠠᠪᠤᠳᠤᠭᠠᠷ ᠵᠦᠢᠯ ᠨᠠᠮ᠎ᠤᠨ ᠲᠥᠪ ᠬᠣᠷᠢᠶ᠎ᠠ ᠵᠢᠴᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠬᠡᠷᠡᠭᠴᠡᠭᠡ᠎ᠪᠡᠨ ᠦᠨᠳᠦᠰᠦᠯᠡᠨ ᠠᠯᠪᠠᠨ ᠲᠢᠩᠬᠢᠮ ( ᠭᠡᠷ )᠂ ᠡᠷᠬᠡ ᠲᠤᠰᠢᠶᠠᠯᠲᠤ ᠰᠠᠯᠠᠭ᠎ᠠ ᠮᠥᠴᠢᠷ᠂ ᠬᠡᠷᠡᠭ ᠡᠷᠬᠢᠯᠡᠬᠦ ᠪᠠᠢᠭᠤᠯᠤᠮᠵᠢ ᠪᠠ ᠲᠣᠮᠢᠯᠠᠭᠰᠠᠨ ᠪᠠᠢᠭᠤᠯᠭ᠎ᠠ᠎ᠶᠢ ᠪᠠᠭᠲᠠᠭᠠᠭᠰᠠᠨ ᠠᠵᠢᠯ᠎ᠤᠨ ᠪᠠᠢᠭᠤᠯᠭᠠᠨᠤᠭᠤᠳᠢ ᠪᠠᠢᠭᠤᠯᠵᠤ᠂ ᠨᠠᠮ᠎ᠤᠨ ᠬᠣᠯᠪᠣᠭᠳᠠᠯ ᠪᠦᠬᠦᠢ ᠠᠵᠢᠯ᠎ᠢ ᠡᠷᠬᠢᠯᠡᠨ ᠬᠠᠮᠢᠶᠠᠷᠬᠤ ᠪᠤᠶᠤ ᠭᠦᠢᠴᠡᠳᠬᠡᠬᠦ ᠠᠵᠢᠯ᠎ᠢ ᠬᠠᠷᠢᠭᠤᠴᠠᠭᠤᠯᠤᠨ᠎ᠠ᠃
ᠨᠠᠮ᠎ᠤᠨ ᠠᠵᠢᠯ᠎ᠤᠨ ᠪᠠᠢᠭᠤᠯᠭ᠎ᠠ᠎ᠶᠢ ᠪᠠᠶ᠋ᠢᠭᠤᠯᠬᠤ᠎ᠳᠤ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠴᠡᠭᠡ᠎ᠳᠦ ᠵᠣᠬᠢᠴᠠᠭᠤᠯᠤᠨ᠂ ᠰᠢᠯᠢᠳᠡᠭᠵᠢᠭᠦᠯᠬᠦ ᠬᠠᠮᠵᠢᠯᠴᠠᠬᠤ ᠥᠨᠳᠥᠷ ᠪᠦᠲᠦᠮᠵᠢᠲᠡᠢ ᠪᠠᠢᠬᠤ ᠵᠠᠷᠴᠢᠮ᠎ᠢ ᠵᠢᠷᠤᠮᠯᠠᠵᠤ᠂ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ ᠪᠠ ᠬᠢᠵᠠᠭᠠᠷᠲᠤ ᠲᠣᠭ᠎ᠠ᠎ᠶᠢᠨ ᠬᠠᠮᠢᠶᠠᠷᠤᠯᠲᠠ᠎ᠶᠢ ᠬᠡᠷᠡᠭᠵᠢᠭᠦᠯᠬᠦ ᠬᠡᠷᠡᠭᠲᠡᠢ᠃
ᠠᠵᠢᠯ᠎ᠤᠨ ᠬᠡᠷᠡᠭᠴᠡᠭᠡ᠎ᠶᠢ ᠦᠨᠳᠦᠰᠦᠯᠡᠨ᠂ ᠨᠠᠮ᠎ᠤᠨ ᠠᠵᠢᠯ᠎ᠤᠨ ᠪᠠᠢᠭᠤᠯᠭ᠎ᠠ᠎ᠶᠢ ᠨᠡᠢᠯᠡᠭᠦᠯᠦᠨ ᠪᠠᠶ᠋ᠢᠭᠤᠯᠬᠤ᠂ ᠵᠠᠬᠢᠷᠭ᠎ᠠ ᠨᠡᠢᠯᠡᠭᠦᠯᠦᠨ ᠠᠵᠢᠯᠯᠠᠬᠤ ᠵᠡᠷᠭᠡ ᠠᠷᠭ᠎ᠠ ᠬᠡᠯᠪᠡᠷᠢ᠎ᠶᠢ ᠠᠪᠴᠤ᠂ ᠡᠭᠦᠷᠭᠡ ᠴᠢᠳᠠᠪᠬᠢ᠎ᠲᠠᠢ ᠣᠶ᠋ᠢᠷᠠᠯᠴᠠᠭ᠎ᠠ᠂ ᠨᠢᠭ᠍ᠲᠠ ᠬᠠᠷᠢᠯᠴᠠᠭ᠎ᠠ᠎ᠲᠠᠢ ᠪᠤᠰᠤᠳ ᠰᠠᠯᠠᠭ᠎ᠠ ᠮᠥᠴᠢᠷ᠎ᠲᠠᠢ ᠨᠢᠭᠡᠳᠦᠯᠲᠡᠢ ᠲᠥᠯᠥᠪᠯᠡᠨ ᠪᠠᠢᠷᠢᠯᠠᠭᠤᠯᠵᠤ ᠪᠣᠯᠣᠨ᠎ᠠ᠃ ᠨᠢᠭᠡᠳᠦᠯᠲᠡᠢ ᠲᠥᠯᠥᠪᠯᠡᠨ ᠪᠠᠢᠷᠢᠯᠠᠭᠤᠯᠬᠤ᠎ᠶᠢ ᠮᠥᠨ ᠨᠠᠮ᠎ᠤᠨ ᠬᠣᠷᠢᠶ᠎ᠠ᠎ᠠᠴᠠ ᠡᠷᠬᠢᠯᠡᠨ ᠬᠠᠮᠢᠶᠠᠷᠤᠨ᠎ᠠ᠃
ᠵᠢᠷᠭᠤᠳᠤᠭᠠᠷ ᠵᠦᠢᠯ ᠨᠠᠮ᠎ᠤᠨ ᠲᠥᠪ ᠬᠣᠷᠢᠶᠠᠨ᠎ᠤ ᠠᠵᠢᠯ᠎ᠤᠨ ᠪᠠᠢᠭᠤᠯᠭ᠎ᠠ᠎ᠶᠢ ᠪᠠᠶ᠋ᠢᠭᠤᠯᠬᠤ᠂ ᠬᠠᠰᠤᠬᠤ᠂ ᠨᠡᠢᠯᠡᠭᠦᠯᠬᠦ ᠪᠤᠶᠤ ᠬᠤᠪᠢᠷᠠᠭᠤᠯᠬᠤ᠎ᠳᠤ ᠲᠥᠪ᠎ᠦᠨ ᠪᠠᠢᠭᠤᠯᠤᠮᠵᠢ᠎ᠶᠢᠨ ᠣᠷᠣᠨ ᠲᠣᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠲᠥᠰᠥᠯ ᠳᠤᠷᠠᠳᠴᠤ᠂ ᠵᠢᠷᠤᠮ ᠶᠣᠰᠣᠭᠠᠷ ᠨᠠᠮ᠎ᠤᠨ ᠲᠥᠪ ᠬᠣᠷᠢᠶ᠎ᠠ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠲᠣᠭᠲᠠᠭᠠᠯᠭᠠᠨ᠎ᠠ᠃
ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠠᠵᠢᠯ᠎ᠤᠨ ᠪᠠᠢᠭᠤᠯᠭ᠎ᠠ᠎ᠶᠢ ᠪᠠᠶ᠋ᠢᠭᠤᠯᠬᠤ᠂ ᠬᠠᠰᠤᠬᠤ᠂ ᠨᠡᠢᠯᠡᠭᠦᠯᠬᠦ ᠪᠤᠶᠤ ᠬᠤᠪᠢᠷᠠᠭᠤᠯᠬᠤ᠎ᠳᠤ ᠠᠳᠠᠯᠢ ᠱᠠᠲᠤᠨ᠎ᠤ ᠪᠠᠢᠭᠤᠯᠤᠮᠵᠢ᠎ᠶᠢᠨ ᠣᠷᠣᠨ ᠲᠣᠭ᠎ᠠ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠲᠥᠰᠥᠯ ᠳᠤᠷᠠᠳᠴᠤ᠂ ᠲᠣᠭᠲᠠᠭᠠᠭᠰᠠᠨ ᠵᠢᠷᠤᠮ ᠶᠣᠰᠣᠭᠠᠷ ᠲᠤᠰ ᠱᠠᠲᠤᠨ᠎ᠤ ᠨᠠᠮ᠎ᠤᠨ ᠬᠣᠷᠢᠶ᠎ᠠ᠎ᠠᠴᠠ ᠶᠠᠷᠢᠯᠴᠠᠨ ᠲᠣᠭᠲᠠᠭᠠᠭᠰᠠᠨ᠎ᠤ ᠲᠠᠷᠠᠭ᠎ᠠ᠂ ᠳᠡᠭᠡᠷ᠎ᠡ ᠨᠢᠭᠡ ᠱᠠᠲᠤᠨ᠎ᠤ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠳᠦ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠂ ᠴᠢᠬᠤᠯᠠ ᠶᠡᠬᠡ ᠤᠴᠢᠷ ᠶᠠᠪᠤᠳᠠᠯ᠎ᠢ ᠳᠡᠭᠡᠷ᠎ᠡ ᠨᠢᠭᠡ ᠱᠠᠲᠤᠨ᠎ᠤ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠡᠴᠡ ᠬᠢᠨᠠᠨ ᠬᠠᠷᠭᠤᠭᠤᠯᠤᠭᠰᠠᠨ᠎ᠤ ᠲᠠᠷᠠᠭ᠎ᠠ ᠲᠤᠰ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
ᠳᠣᠯᠣᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠢᠭᠤᠯᠤᠮᠵᠢ ᠪᠣᠯ ᠶᠠᠮᠤᠨ ( ᠲᠢᠩᠬᠢᠮ᠂ ᠬᠣᠷᠢᠶ᠎ᠠ᠂ ᠲᠠᠰᠤᠭ )᠎ᠤ ᠠᠵᠢᠯ᠎ᠤᠨ ᠬᠤᠷᠠᠯ ᠪᠣᠯᠣᠨ᠎ᠠ᠂ ᠡ᠊ᠩᠦᠨ ᠪᠠᠢᠳᠠᠯ᠎ᠳᠤ ᠵᠢᠩᠬᠢᠨᠢ ᠲᠤᠰᠢᠶᠠᠯ᠂ ᠳᠡᠳ᠋ ᠲᠤᠰᠢᠶᠠᠯ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠪᠤᠶᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠬᠣᠷᠢᠶᠠᠨ᠎ᠤ ᠱᠦᠵᠢ ᠵᠢᠴᠢ ᠪᠤᠰᠤᠳ ᠪᠦᠷᠢᠯᠳᠦᠭᠦᠨ᠎ᠢᠶᠡᠷ ᠪᠦᠷᠢᠯᠳᠦᠨ᠎ᠡ᠃
ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠲᠤᠰᠢᠶᠠᠯ᠎ᠤᠨ ᠲᠣᠭ᠎ᠠ᠎ᠶᠢ ᠠᠵᠢᠯ᠎ᠤᠨ ᠬᠡᠷᠡᠭᠴᠡᠭᠡ ᠪᠠ ᠴᠢᠩᠭ᠎ᠠ ᠬᠢᠵᠠᠭᠠᠷᠯᠠᠬᠤ ᠵᠠᠷᠴᠢᠮ᠎ᠢ ᠦᠨᠳᠦᠰᠦᠯᠡᠨ᠂ ᠬᠣᠯᠪᠣᠭᠳᠠᠯ ᠪᠦᠬᠦᠢ ᠲᠣᠭᠲᠠᠭᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃
ᠨᠠᠮ᠎ᠤᠨ ᠠᠵᠢᠯ᠎ᠤᠨ ᠪᠠᠢᠭᠤᠯᠭ᠎ᠠ᠎ᠶᠢᠨ ᠵᠢᠩᠬᠢᠨᠢ ᠲᠤᠰᠢᠶᠠᠯ᠎ᠢ ᠳᠡᠭᠡᠳᠦ ᠱᠠᠲᠤᠨ᠎ᠤ ᠪᠠᠢᠭᠤᠯᠤᠮᠵᠢ᠎ᠶᠢᠨ ᠤᠳᠤᠷᠢᠳᠬᠤ ᠪᠦᠷᠢᠯᠳᠦᠭᠦᠨ ᠬᠠᠪᠰᠤᠷᠭᠠᠨ ᠡᠭᠦᠷᠭᠡᠯᠡᠵᠦ ᠪᠠᠢᠪᠠᠯ᠂ ᠡᠳᠦᠷ ᠲᠤᠳᠤᠮ᠎ᠤᠨ ᠠᠵᠢᠯ᠎ᠢ ᠬᠤᠪᠢᠳᠠᠨ ᠬᠠᠮᠢᠶᠠᠷᠬᠤ ᠳᠡᠳ᠋ ᠲᠤᠰᠢᠶᠠᠯ ᠭᠠᠷᠭᠠᠵᠤ ᠪᠣᠯᠣᠨ᠎ᠠ᠃
ᠨᠠᠮ᠎ᠤᠨ ᠠᠵᠢᠯ᠎ᠤᠨ ᠪᠠᠢᠭᠤᠯᠭ᠎ᠠ᠎ᠳᠤ ᠵᠢᠩᠬᠢᠨᠢ ᠲᠤᠰᠢᠶᠠᠯ᠎ᠲᠠᠢ ᠤᠳᠤᠷᠢᠳᠬᠤ ᠲᠤᠰᠠᠯᠠᠭ᠍ᠴᠢ᠂ ᠨᠠᠷᠢᠨ ᠪᠢᠴᠢᠭ᠎ᠦᠨ ᠳᠠᠷᠤᠭ᠎ᠠ ᠲᠠᠯᠪᠢᠬᠤ ᠦᠭᠡᠢ᠃ ᠨᠠᠮ᠎ᠤᠨ ᠲᠥᠪ ᠬᠣᠷᠢᠶᠠᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠦᠨᠡᠨ ᠬᠦ᠌ ᠪᠠᠶ᠋ᠢᠭᠤᠯᠬᠤ ᠴᠢᠬᠤᠯᠠᠲᠠᠢ ᠪᠠᠢᠪᠠᠯ᠂ ᠨᠠᠮ᠎ᠤᠨ ᠲᠥᠪ ᠬᠣᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
ᠨᠠᠢ᠍ᠮᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠢ ᠠᠵᠢᠯ᠎ᠤᠨ ᠬᠡᠷᠡᠭᠴᠡᠭᠡ ᠪᠠ ᠰᠢᠯᠢᠳᠡᠭ ᠴᠣᠮᠬᠠᠨ ᠦᠷ᠎ᠡ ᠪᠦᠲᠦᠮᠵᠢ᠎ᠲᠠᠢ ᠪᠠᠢᠬᠤ ᠵᠠᠷᠴᠢᠮ᠎ᠢ ᠦᠨᠳᠦᠰᠦᠯᠡᠨ ᠴᠢᠬᠤᠯᠠ ᠪᠦᠬᠦᠢ ᠳᠣᠲᠣᠭᠠᠳᠤ ᠪᠠᠢᠭᠤᠯᠤᠮᠵᠢ᠎ᠶᠢ ᠪᠠᠢᠭᠤᠯᠤᠨ᠎ᠠ᠃ ᠳᠣᠲᠣᠭᠠᠳᠤ ᠪᠠᠢᠭᠤᠯᠤᠮᠵᠢ᠎ᠶᠢ ᠪᠠᠶ᠋ᠢᠭᠤᠯᠬᠤ᠂ ᠬᠠᠰᠤᠬᠤ᠂ ᠨᠡᠢᠯᠡᠭᠦᠯᠬᠦ ᠪᠤᠶᠤ ᠬᠤᠪᠢᠷᠠᠭᠤᠯᠬᠤ᠎ᠳᠤ ᠲᠣᠭᠲᠠᠭᠠᠭᠰᠠᠨ ᠡᠷᠬᠡ᠎ᠶᠢᠨ ᠬᠡᠪᠴᠢᠶ᠎ᠡ ᠪᠠ ᠵᠢᠷᠤᠮ᠎ᠤᠨ ᠶᠣᠰᠣᠭᠠᠷ ᠬᠢᠨᠠᠨ ᠵᠥᠪᠰᠢᠶᠡᠷᠡᠨ᠎ᠡ᠃
ᠶᠢᠰᠦᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠬᠢᠨᠠᠨ ᠲᠣᠭᠲᠠᠭᠠᠭᠰᠠᠨ ᠣᠷᠣᠨ ᠲᠣᠭ᠎ᠠ᠎ᠶᠢᠨ ᠬᠢᠵᠠᠭᠠᠷ ᠲᠣᠭ᠎ᠠ᠎ᠶᠢᠨ ᠳᠣᠲᠣᠷ᠎ᠠ ᠪᠠᠢᠭᠤᠯᠭ᠎ᠠ᠎ᠶᠢᠨ ᠠᠵᠢᠯᠲᠠᠨ᠎ᠢ ᠲᠣᠬᠢᠷᠠᠭᠤᠯᠤᠨ᠎ᠠ᠃
ᠭᠤᠷᠪᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ
ᠠᠷᠪᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠢ ᠪᠠᠢᠬᠤ ᠬᠡᠷᠡᠭᠲᠡᠢ᠂ ᠲᠡᠭᠦᠨ᠎ᠦ ᠲᠤᠰᠢᠶᠠᠯ ᠬᠠᠷᠢᠭᠤᠴᠠᠯᠭ᠎ᠠ᠎ᠶᠢ ᠡᠩ᠎ᠦᠨ ᠪᠠᠢᠳᠠᠯ᠎ᠳᠤ ᠨᠠᠮ᠎ᠤᠨ ᠳᠦᠷᠢᠮ ᠨᠠᠮ᠎ᠤᠨ ᠲᠣᠭᠲᠠᠭᠠᠯ᠎ᠢ ᠦᠨᠳᠦᠰᠦᠯᠡᠨ ᠲᠣᠭᠲᠠᠭᠠᠨ᠎ᠠ᠂ ᠪᠣᠳᠠᠲᠠᠢ ᠲᠤᠰᠢᠶᠠᠯ ᠬᠠᠷᠢᠭᠤᠴᠠᠯᠭ᠎ᠠ᠎ᠶᠢ ᠡᠩ᠎ᠦᠨ ᠪᠠᠢᠳᠠᠯ᠎ᠳᠤ ᠬᠣᠯᠪᠣᠭᠳᠠᠯ ᠪᠦᠬᠦᠢ ᠡᠭᠦᠷᠭᠡ ᠴᠢᠳᠠᠪᠤᠷᠢ᠎ᠶᠢᠨ ᠲᠣᠬᠢᠷᠠᠭᠤᠯᠤᠯᠲᠠ᠂ ᠳᠣᠲᠣᠭᠠᠳᠤ᠎ᠶᠢᠨ ᠪᠠᠢᠭᠤᠯᠤᠮᠵᠢ᠂ ᠠᠵᠢᠯᠲᠠᠨ᠎ᠤ ᠣᠷᠣᠨ ᠲᠣᠭ᠎ᠠ᠎ᠶᠢᠨ ᠲᠣᠭᠲᠠᠭᠠᠯ᠎ᠢᠶᠠᠷ ᠲᠣᠳᠣᠷᠬᠠᠢᠯᠠᠨ᠎ᠠ᠃
ᠨᠠᠮ᠎ᠤᠨ ᠬᠣᠷᠢᠶᠠᠨ᠎ᠤ ᠭᠦᠢᠴᠡᠳᠬᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ᠎ᠶᠢ ᠨᠠᠮ᠎ᠤᠨ ᠬᠣᠷᠢᠶ᠎ᠠ᠎ᠠᠴᠠ ᠠᠵᠢᠯᠯᠠᠬᠤ ᠪᠠᠢᠭᠤᠯᠭ᠎ᠠ᠎ᠳᠤ ᠣᠯᠭᠣᠵᠤ ᠪᠣᠯᠬᠤ ᠦᠭᠡᠢ᠃
ᠠᠷᠪᠠᠨ ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠳᠣᠣᠷ᠎ᠠ ᠵᠢᠭ᠍ᠰᠠᠭᠠᠭᠰᠠᠨ ᠲᠤᠰᠢᠶᠠᠯ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠄
( ᠨᠢᠭᠡ ) ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶᠠᠨ᠎ᠤ ᠵᠠᠷᠯᠢᠭ᠋ ᠴᠠᠭᠠᠵᠠ᠎ᠶᠢ ᠲᠠᠭᠠᠬᠤ᠎ᠶᠢ ᠦᠨᠡᠨ ᠬᠦ᠌ ᠪᠠᠲᠤᠯᠠᠨ᠎ᠠ ;
( ᠬᠣᠶᠠᠷ ) ᠳᠡᠭᠡᠳᠦ ᠱᠠᠲᠤᠨ᠎ᠤ ᠪᠠ ᠲᠣᠰ ᠱᠠᠲᠤᠨ᠎ᠤ ᠨᠠᠮ᠎ᠤᠨ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠲᠤᠰᠢᠶᠠᠯ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠠᠵᠢᠯ᠎ᠢ ᠰᠤᠳᠤᠯᠤᠨ ᠪᠠᠢᠷᠢᠯᠠᠭᠤᠯᠤᠨ᠎ᠠ ;
( ᠭᠤᠷᠪᠠ ) ᠨᠠᠮ᠎ᠤᠨ ᠬᠣᠷᠢᠶᠠᠨ᠎ᠤ ᠰᠠᠢᠨ ᠵᠥᠪᠯᠡᠭᠴᠢ ᠲᠤᠰᠠᠯᠠᠭ᠍ᠴᠢ ᠪᠣᠯᠵᠤ᠂ ᠬᠣᠯᠪᠣᠭᠳᠠᠯ ᠪᠦᠬᠦᠢ ᠪᠠᠢᠳᠠᠯ᠎ᠢ ᠴᠠᠭ ᠲᠤᠬᠠᠢ ᠳ᠋ᠤᠨᠢ ᠮᠡᠳᠡᠭᠦᠯᠵᠦ᠂ ᠠᠰᠠᠭᠤᠳᠠᠯ᠎ᠢ ᠲᠤᠰᠬᠠᠵᠤ᠂ ᠰᠠᠨᠠᠯ ᠰᠠᠨᠠᠭᠤᠯᠭ᠎ᠠ ᠳᠤᠷᠠᠳᠴᠤ᠂ ᠨᠠᠮ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠦᠢᠯᠡᠴᠢᠯᠡᠭᠡ ᠬᠠᠩᠭᠠᠨ᠎ᠠ ;
( ᠳᠥᠷᠪᠡ ) ᠲᠣᠭᠲᠠᠭᠠᠯ ᠪᠠ ᠡᠷᠬᠡ᠎ᠶᠢᠨ ᠬᠢᠵᠠᠭᠠᠷᠯᠠᠯ ᠶᠣᠰᠣᠭᠠᠷ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ᠎ᠢ ᠲᠠᠷᠬᠠᠭᠠᠵᠤ᠂ ᠵᠣᠬᠢᠶᠠᠨ ᠪᠠᠢᠭᠤᠯᠵᠤ ᠬᠡᠷᠡᠭᠵᠢᠭᠦᠯᠬᠦ ᠪᠠ ᠱᠠᠯᠠᠪᠳᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠨ᠎ᠠ ;
( ᠲᠠᠪᠤ ) ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ ᠪᠠ ᠤᠯᠠᠨ ᠲᠦᠮᠡᠨ᠎ᠦ ᠪᠦᠯᠬᠦᠮ᠎ᠦᠨ ᠠᠵᠢᠯ᠎ᠢ ᠴᠢᠩᠭᠠᠳᠬᠠᠨ᠎ᠠ ;
( ᠵᠢᠷᠭᠤᠭ᠎ᠠ)ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠲᠤᠰᠢᠶᠠᠭᠰᠠᠨ ᠬᠣᠯᠪᠣᠭᠳᠠᠯ ᠪᠦᠬᠦᠢ ᠶᠠᠪᠤᠳᠠᠯ᠎ᠤᠳ᠎ᠢ ᠳᠠᠭᠠᠭᠠᠨ ᠠᠪᠴᠤ ᠰᠢᠢᠳᠪᠦᠷᠢᠯᠡᠨ᠎ᠡ᠃
ᠨᠠᠮ᠎ᠤᠨ ᠠᠵᠢᠯ᠎ᠤᠨ ᠪᠠᠢᠭᠤᠯᠭ᠎ᠠ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠣᠯᠪᠣᠭᠳᠠᠯ ᠪᠦᠬᠦᠢ ᠨᠢᠭᠡᠴᠢ᠎ᠶᠢ ᠰᠢᠰᠲᠧᠮᠵᠢᠭᠦᠯᠦᠨ ᠤᠳᠤᠷᠢᠳᠬᠤ ᠪᠤᠶᠤ ᠰᠢᠰᠲᠧᠮᠵᠢᠭᠦᠯᠦᠨ ᠬᠠᠮᠢᠶᠠᠷᠤᠨ᠎ᠠ᠃
ᠠᠷᠪᠠᠨ ᠬᠣᠶᠠᠳᠤᠭᠠᠷ ᠵᠦᠢᠯ ᠨᠠᠮ᠎ᠤᠨ ᠬᠣᠷᠢᠶᠠᠨ᠎ᠤ ᠠᠯᠪᠠᠨ ᠲᠢᠩᠬᠢᠮ ( ᠠᠯᠪᠠᠨ ᠭᠡᠷ ) ᠪᠣᠯ ᠨᠠᠮ᠎ᠤᠨ ᠬᠣᠷᠢᠶᠠᠨ᠎ᠤ ᠶᠡᠷᠦᠩᠬᠡᠢᠯᠡᠭᠰᠡᠨ ᠰᠠᠯᠠᠭ᠎ᠠ ᠮᠥᠴᠢᠷ ᠮᠥᠨ᠂ ᠨᠠᠮ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢ ᠬᠠᠷᠢᠭᠤᠴᠠᠨ ᠠᠬᠢᠭᠤᠯᠵᠤ᠂ ᠨᠠᠮ᠎ᠤᠨ ᠬᠣᠷᠢᠶᠠᠨ᠎ᠤ ᠱᠠᠭᠠᠷᠳᠠᠯᠭ᠎ᠠ ᠶᠣᠰᠣᠭᠠᠷ ᠬᠣᠯᠪᠣᠭᠳᠠᠯ ᠪᠦᠬᠦᠢ ᠲᠠᠯ᠎ᠠ᠎ᠶᠢᠨ ᠬᠢᠨᠢ ᠵᠣᠬᠢᠴᠠᠭᠤᠯᠤᠨ ᠠᠵᠢᠯ᠎ᠢᠶᠠᠨ ᠥᠷᠨᠢᠭᠦᠯᠵᠦ᠂ ᠨᠠᠮ᠎ᠤᠨ ᠬᠣᠷᠢᠶᠠᠨ᠎ᠤ ᠠᠵᠢᠯᠯᠠᠭ᠎ᠠ᠎ᠨᠢ ᠪᠠᠲᠤᠯᠠᠬᠤ ᠪᠣᠳᠠᠲᠠᠢ ᠬᠡᠷᠡᠭ ᠶᠠᠪᠤᠳᠠᠯ᠎ᠢ ᠡᠭᠦᠷᠭᠡᠯᠡᠨ᠎ᠡ᠃
ᠠᠷᠪᠠᠨ ᠭᠤᠷᠪᠠᠳᠤᠭᠠᠷ ᠵᠦᠢᠯ ᠨᠠᠮ᠎ᠤᠨ ᠬᠣᠷᠢᠶᠠᠨ᠎ᠤ ᠡᠷᠬᠡ ᠲᠤᠰᠢᠶᠠᠯᠲᠤ ᠰᠠᠯᠠᠭ᠎ᠠ ᠮᠥᠴᠢᠷ ᠪᠣᠯ ᠨᠠᠮ᠎ᠤᠨ ᠬᠣᠷᠢᠶᠠᠨ᠎ᠤ ᠶᠠᠮᠠᠷ ᠨᠢᠭᠡᠨ ᠲᠠᠯ᠎ᠠ᠎ᠶᠢᠨ ᠠᠵᠢᠯ᠎ᠢ ᠬᠠᠷᠢᠭᠤᠴᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠥᠨ᠂ ᠲᠡᠷᠡ ᠨᠢ ᠲᠣᠭᠲᠠᠭᠠᠯ ᠶᠣᠰᠣᠭᠠᠷ ᠬᠠᠷᠢᠴᠠᠩᠭᠤᠢ᠎ᠪᠠᠷ ᠪᠡᠶ᠎ᠡ᠎ᠪᠡᠨ ᠳᠠᠭᠠᠭᠠᠭᠰᠠᠨ ᠬᠠᠮᠢᠶᠠᠷᠤᠯᠲᠠ᠎ᠶᠢᠨ ᠡᠭᠦᠷᠭᠡ ᠴᠢᠳᠠᠪᠤᠷᠢ᠎ᠶᠢ ᠭᠦᠢᠴᠡᠳᠬᠡᠵᠦ᠂ ᠲᠤᠰ ᠰᠢᠰᠲᠧᠮ᠂ ᠲᠤᠰ ᠬᠦᠷᠢᠶᠡᠨ᠎ᠳᠡᠬᠢ ᠠᠵᠢᠯ᠎ᠢ ᠵᠣᠬᠢᠴᠠᠭᠤᠯᠤᠨ ᠵᠢᠯᠣᠭᠣᠳᠤᠨ᠎ᠠ᠃
ᠠᠷᠪᠠᠨ ᠳᠥᠷᠪᠡᠳᠦᠭᠡᠷ ᠵᠦᠢᠯ ᠨᠠᠮ᠎ᠤᠨ ᠬᠣᠷᠢᠶᠠᠨ᠎ᠤ ᠬᠡᠷᠡᠭ ᠡᠷᠬᠢᠯᠡᠬᠦ ᠪᠠᠢᠭᠤᠯᠤᠮᠵᠢ ᠪᠣᠯ ᠨᠠᠮ᠎ᠤᠨ ᠬᠣᠷᠢᠶ᠎ᠠ᠎ᠶᠢ ᠬᠠᠪᠰᠤᠷᠴᠤ ᠶᠠᠮᠠᠷ ᠨᠢᠭᠡᠨ ᠲᠠᠯ᠎ᠠ᠎ᠶᠢᠨ ᠴᠢᠬᠤᠯᠠ ᠬᠡᠷᠡᠭ ᠶᠠᠪᠤᠳᠠᠯ᠎ᠢ ᠰᠢᠢᠳᠪᠦᠷᠢᠯᠡᠬᠦ ᠪᠠᠢᠭᠤᠯᠤᠮᠵᠢ ᠮᠥᠨ᠃ ᠡ᠊ᠩᠦᠨ ᠪᠠᠢᠳᠠᠯ ᠳᠣᠣᠷ᠎ᠠ ᠨᠠᠮ᠎ᠤᠨ ᠬᠣᠷᠢᠶ᠎ᠠ᠎ᠠᠴᠠ ᠬᠦᠷᠢᠶ᠎ᠡ ᠬᠡᠪᠴᠢᠶ᠎ᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠠᠵᠢᠯ᠎ᠤᠨ ᠤᠳᠤᠷᠢᠳᠤᠯᠭ᠎ᠠ ᠪᠠ ᠵᠣᠬᠢᠶᠠᠨ ᠪᠠᠢᠭᠤᠯᠵᠤ ᠵᠣᠬᠢᠴᠠᠭᠤᠯᠬᠤ᠎ᠶᠢ ᠴᠢᠩᠭᠠᠳᠬᠠᠬᠤ᠎ᠶᠢᠨ ᠲᠥᠯᠥᠭᠡ ᠪᠠᠢᠭᠤᠯᠤᠭᠰᠠᠨ ( ᠰᠢᠢᠳᠪᠦᠷᠢᠲᠦ ᠪᠣᠳᠣᠯᠭ᠎ᠠ ᠲᠣᠭᠲᠠᠭᠠᠬᠤ ) ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢᠨ ᠪᠠᠢᠩᠭᠤ᠎ᠶᠢᠨ ᠬᠡᠷᠡᠭ ᠡᠷᠬᠢᠯᠡᠬᠦ ᠪᠠᠢᠭᠤᠯᠤᠮᠵᠢ᠎ᠶᠢ ᠵᠢᠭᠠᠵᠤ ᠪᠠᠢᠨ᠎ᠠ᠂ ( ᠰᠢᠢᠳᠪᠦᠷᠢᠲᠦ ᠪᠣᠳᠣᠯᠭ᠎ᠠ ᠲᠣᠭᠲᠠᠭᠠᠬᠤ ) ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢᠨ ᠡᠳᠦᠷ ᠲᠤᠳᠤᠮ᠎ᠤᠨ ᠠᠵᠢᠯ᠎ᠢ ᠡᠭᠦᠷᠭᠡᠯᠡᠵᠦ᠂ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠣᠨᠴᠠᠭᠠᠶ ᠲᠣᠭᠲᠠᠭᠠᠭᠰᠠᠨ ᠬᠠᠮᠢᠶᠠᠷᠤᠯᠲᠠ᠎ᠶᠢᠨ ᠲᠤᠰᠢᠶᠠᠯ ᠬᠠᠷᠢᠭᠤᠴᠠᠯᠭ᠎ᠠ᠎ᠶᠢ ᠭᠦᠢᠴᠡᠳᠬᠡᠵᠦ ᠪᠣᠯᠣᠨ᠎ᠠ᠃
ᠠᠷᠪᠠᠨ ᠲᠠᠪᠤᠳᠤᠭᠠᠷ ᠵᠦᠢᠯ ᠨᠠᠮ᠎ᠤᠨ ᠬᠣᠷᠢᠶᠠᠨ᠎ᠤ ᠲᠣᠮᠢᠯᠠᠭᠰᠠᠨ ᠪᠠᠢᠭᠤᠯᠭ᠎ᠠ ᠪᠣᠯ ᠨᠠᠮ᠎ᠤᠨ ᠬᠣᠷᠢᠶ᠎ᠠ᠎ᠠᠴᠠ ᠣᠨᠴᠠ ᠲᠣᠭᠲᠠᠭᠰᠠᠨ ᠬᠦᠷᠢᠶ᠎ᠡ᠂ ᠠᠵᠢᠯ ᠲᠦᠷᠦᠯ᠂ ᠰᠢᠰᠲᠧᠮ᠎ᠦᠨ ᠤᠳᠤᠷᠢᠳᠤᠯᠭ᠎ᠠ᠎ᠶᠢ ᠴᠢᠩᠭᠠᠳᠬᠠᠬᠤ᠎ᠶᠢᠨ ᠲᠥᠯᠥᠭᠡ ᠲᠣᠮᠢᠯᠠᠭᠰᠠᠨ ᠪᠠᠢᠭᠤᠯᠭ᠎ᠠ ᠮᠥᠨ᠂ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠨᠠᠮ᠎ᠤᠨ ᠬᠣᠷᠢᠶ᠎ᠠ᠎ᠶᠢ ᠲᠥᠯᠥᠭᠡᠯᠡᠨ ᠲᠤᠰ ᠬᠦᠷᠢᠶ᠎ᠡ᠂ ᠠᠵᠢᠯ ᠲᠦᠷᠦᠯ᠂ ᠰᠢᠰᠲᠧᠮ᠎ᠦᠨ ᠠᠵᠢᠯ᠎ᠢ ᠤᠳᠤᠷᠢᠳᠤᠨ᠎ᠠ᠃
ᠠᠷᠪᠠᠨ ᠵᠢᠷᠭᠤᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠭᠦᠷᠭᠡ ᠬᠠᠷᠢᠭᠤᠴᠠᠯᠭ᠎ᠠ᠎ᠲᠠᠢ᠎ᠪᠠᠨ ᠨᠢᠭ᠍ᠲᠠ ᠤᠶᠠᠯᠳᠤᠭᠤᠯᠤᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ ᠪᠠ ᠳᠣᠲᠣᠭᠠᠳᠤ᠎ᠶᠢᠨ ᠬᠠᠮᠢᠶᠠᠷᠤᠯᠲᠠ᠎ᠪᠠᠨ ᠴᠢᠩᠭᠠᠳᠬᠠᠵᠤ᠂ ᠤᠯᠤᠰ ᠲᠦᠷᠦ᠎ᠶᠢᠨ ᠴᠢᠳᠠᠪᠤᠷᠢ ᠪᠠ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ ᠬᠡᠷᠡᠭᠲᠡᠢ᠃
ᠳᠥᠷᠪᠡᠳᠦᠭᠡᠷ ᠪᠦᠯᠦᠭ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ
ᠠᠷᠪᠠᠨ ᠳᠣᠯᠣᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠪᠠᠷᠢᠮᠲᠠᠯᠠᠵᠤ᠂ ᠤᠳᠤᠷᠢᠳᠬᠤ ᠪᠠᠭ᠎ᠲᠤ ᠬᠠᠮᠲᠤ᠎ᠪᠠᠷ ᠤᠳᠤᠷᠢᠳᠬᠤ ᠪᠠ ᠬᠤᠪᠢ ᠬᠥᠮᠥᠨ ᠠᠵᠢᠯ ᠬᠤᠪᠢᠶᠠᠨ ᠬᠠᠷᠢᠭᠤᠴᠠᠬᠤ᠎ᠶᠢ ᠤᠶᠠᠯᠳᠤᠭᠤᠯᠤᠭᠰᠠᠨ ᠳᠦᠷᠢᠮ᠎ᠢ ᠬᠡᠷᠡᠭᠵᠢᠭᠦᠯᠦᠨ᠎ᠡ᠃ ᠲᠤᠰ ᠪᠠᠢᠭᠤᠯᠭ᠎ᠠ᠎ᠳᠤ ᠬᠠᠷᠢᠶᠠᠯᠠᠭᠳᠠᠬᠤ ᠴᠢᠬᠤᠯᠠ ᠶᠡᠬᠡ ᠬᠡᠷᠡᠭ ᠶᠠᠪᠤᠳᠠᠯ ᠪᠦᠬᠦᠠ᠎ᠢ ᠬᠠᠮᠲᠤ᠎ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠎ᠢ ᠬᠡᠷᠡᠭᠵᠢᠭᠦᠯᠬᠦ᠂ ᠲᠤᠰᠬᠠᠢ ᠶᠠᠷᠢᠯᠴᠠᠬᠤ᠂ ᠬᠤᠷᠠᠯ᠎ᠢᠶᠠᠷ ᠲᠣᠭᠲᠠᠭᠠᠬᠤ ᠵᠠᠷᠴᠢᠮ ᠶᠣᠰᠣᠭᠠᠷ ᠤᠳᠤᠷᠢᠳᠬᠤ ᠪᠠᠭ ᠬᠠᠮᠲᠤ᠎ᠪᠠᠷ ᠰᠤᠳᠤᠯᠤᠨ ᠲᠣᠭᠲᠠᠭᠠᠬᠤ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠭᠦᠨ ᠨᠠᠷ ᠬᠠᠮᠲᠤ᠎ᠶᠢᠨ ᠲᠣᠭᠲᠠᠭᠠᠯ ᠪᠠ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠵᠣᠷᠢᠭ᠍ᠲᠠᠢ᠎ᠪᠠᠷ ᠡᠭᠦᠷᠭᠡᠯᠡᠵᠦ᠂ ᠵᠣᠷᠢᠭ᠍ᠲᠠᠢ᠎ᠪᠠᠷ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠬᠦ ᠬᠡᠷᠡᠭᠲᠡᠢ᠃
ᠠᠷᠪᠠᠨ ᠨᠠᠢ᠍ᠮᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠢ ᠶᠠᠮᠤᠨ ( ᠲᠢᠩᠬᠢᠮ᠂ ᠬᠣᠷᠢᠶ᠎ᠠ᠂ ᠲᠠᠰᠤᠭ )᠎ᠤ ᠠᠵᠢᠯ᠎ᠤᠨ ᠬᠤᠷᠠᠯ᠎ᠤᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠳᠣᠣᠷ᠎ᠠ ᠵᠢᠭ᠍ᠰᠠᠭᠠᠭᠰᠠᠨ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠨ ᠲᠣᠭᠲᠠᠭᠠᠬᠤ ᠬᠡᠷᠡᠭᠲᠡᠢ᠄
( ᠨᠢᠭᠡ ) ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠶᠡᠷᠦᠩᠬᠡᠢ ᠱᠦᠵᠢ ᠰᠢ᠎ᠶᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ ;
( ᠬᠣᠶᠠᠷ ) ᠳᠡᠭᠡᠳᠦ ᠱᠠᠲᠤᠨ᠎ᠤ ᠪᠠ ᠲᠤᠰ ᠱᠠᠲᠤᠨ᠎ᠤ ᠨᠠᠮ᠎ᠤᠨ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠲᠣᠭᠲᠠᠭᠠᠯ ᠂ ᠵᠢᠭᠠᠪᠤᠷᠢ ᠪᠠ ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ ;
( ᠭᠤᠷᠪᠠ ) ᠲᠤᠰ ᠪᠠᠢᠭᠤᠯᠭ᠎ᠠ᠎ᠶᠢᠨ ᠲᠤᠰᠢᠶᠠᠯ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠬᠣᠯᠪᠣᠭᠳᠠᠯ ᠪᠦᠬᠦᠢ ᠴᠢᠭᠯᠡᠯᠲᠡ ᠲᠦᠷᠦ᠎ᠶᠢᠨ ᠪᠣᠳᠣᠯᠭ᠎ᠠ ᠪᠠ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠬᠡᠷᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ᠎ᠶᠢ ᠰᠤᠳᠤᠯᠤᠨ ᠶᠠᠷᠢᠯᠴᠠᠨ᠎ᠠ ;
( ᠳᠥᠷᠪᠡ ) ᠲᠣᠰ ᠪᠠᠢᠭᠤᠯᠭ᠎ᠠ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠴᠢᠬᠤᠯᠠ ᠠᠵᠢᠯᠲᠠᠨ᠎ᠢ ᠲᠣᠮᠢᠯᠠᠵᠤ ᠪᠠᠭᠤᠯᠭᠠᠬᠤ ᠂ ᠴᠢᠬᠤᠯᠠ ᠶᠡᠬᠡ ᠲᠥᠷᠥᠯ ᠵᠦᠢᠯ᠎ᠢ ᠲᠣᠬᠢᠷᠠᠭᠤᠯᠬᠤ ᠂ ᠶᠡᠬᠡ ᠲᠣᠭᠠᠨ᠎ᠤ ᠪᠡᠯᠡ ᠮᠥᠩᠭᠥ᠎ᠶᠢ ᠬᠡᠷᠡᠭᠯᠡᠬᠦ ᠵᠡᠷᠭᠡ ᠵᠦᠢᠯᠡᠰ᠎ᠢ ᠶᠠᠷᠢᠯᠴᠠᠨ ᠲᠣᠭᠲᠠᠭᠠᠨ᠎ᠠ ;
( ᠲᠠᠪᠤ )ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠠᠴᠠ ᠵᠢᠭᠠᠪᠤᠷᠢ ᠠᠪᠴᠤ ᠮᠡᠳᠡᠭᠦᠯᠬᠦ ᠴᠢᠬᠤᠯᠠ ᠶᠠᠪᠤᠳᠠᠯ᠎ᠤᠳ᠎ᠢ ᠬᠢᠨᠠᠨ ᠵᠥᠪᠯᠡᠨ᠎ᠡ;
( ᠵᠢᠷᠭᠤᠭ᠎ᠠ ) ᠲᠤᠰ ᠪᠠᠢᠭᠤᠯᠭ᠎ᠠ᠎ᠶᠢᠨ᠎ᠢᠶᠠᠨ ᠨᠠᠮ᠎ᠤᠨ ᠪᠠᠢᠭᠤᠯᠤᠯᠲᠠ᠎ᠶᠢᠨ ᠲᠠᠯ᠎ᠠ᠎ᠪᠠᠷ ᠬᠢ ᠴᠢᠬᠤᠯᠠ ᠶᠠᠪᠤᠳᠠᠯ᠎ᠤᠳ᠎ᠢ ᠰᠤᠳᠤᠯᠤᠨ ᠪᠠᠢᠷᠢᠯᠠᠭᠤᠯᠤᠨ᠎ᠠ ;
( ᠳᠣᠯᠣᠭ᠎ᠠ ) ᠪᠤᠰᠤᠳ ᠴᠢᠬᠤᠯᠠ ᠵᠦᠢᠯᠡᠰ᠎ᠢ ᠰᠤᠳᠤᠯᠤᠨ ᠶᠠᠷᠢᠯᠴᠠᠨ᠎ᠠ᠃
ᠠᠷᠪᠠ ᠶᠢᠰᠦᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠭ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠲᠠᠯᠠᠬᠤ ᠬᠡᠷᠡᠭᠲᠡᠢ᠃ ᠴᠢᠬᠤᠯᠠ ᠶᠡᠬᠡ ᠬᠡᠷᠡᠭ ᠶᠠᠪᠤᠳᠠᠯ᠎ᠤᠨ ᠲᠤᠬᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠠᠭᠠᠨ᠂ ᠡᠩ᠎ᠦᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠬᠦ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯ᠎ᠦᠨ ᠦᠨᠡᠯᠡᠨ ᠵᠢᠱ᠌ᠢᠯᠲᠡ ᠬᠢᠬᠦ᠂ ᠲᠣᠭᠲᠠᠭᠠᠯ᠎ᠳᠤ ᠨᠡᠢᠴᠡᠬᠦ ᠬᠠᠤᠯᠢ ᠶᠣᠰᠣᠴᠢ ᠴᠢᠨᠠᠷ᠎ᠢ ᠬᠢᠨᠠᠨ ᠪᠠᠢᠴᠠᠭᠠᠬᠤ ᠪᠠ ᠬᠠᠮᠲᠤ᠎ᠪᠠᠷ ᠶᠠᠷᠢᠯᠴᠠᠨ ᠲᠣᠭᠲᠠᠭᠠᠬᠤ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠲᠣᠭᠲᠠᠭᠠᠯ ᠶᠣᠰᠣᠭᠠᠷ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠬᠠᠨᠳᠤᠰᠢ ᠯᠤᠭ᠎ᠠ ᠨᠢᠭᠡᠳᠦᠯᠲᠡᠢ ᠦᠨᠡᠯᠡᠨ ᠵᠢᠱ᠌ᠢᠯᠲᠡ ᠬᠢᠬᠦ ᠬᠡᠷᠡᠭᠲᠡᠢ᠃
ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠲᠣᠭᠠᠴᠠᠭᠳᠠᠪᠠᠯ᠂ ᠲᠣᠭᠲᠠᠭᠠᠯ ᠶᠣᠰᠣᠭᠠᠷ ᠴᠠᠭ ᠲᠤᠬᠠᠢ ᠳ᠋ᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃
ᠬᠣᠷᠢᠳᠤᠭᠠᠷ ᠵᠦᠢᠯ ᠬᠡᠯᠲᠡᠰ ( ᠲᠢᠩᠬᠢᠮ᠂ ᠬᠣᠷᠢᠶ᠎ᠠ᠂ ᠠᠯᠪᠠᠨ ᠭᠡᠷ )᠎ᠤᠨ ᠠᠵᠢᠯ᠎ᠤᠨ ᠬᠤᠷᠠᠯ᠎ᠤᠨ ᠬᠤᠷᠠᠯ᠎ᠢ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠭᠣᠣᠯ ᠬᠠᠷᠢᠭᠤᠴᠠᠯᠭᠠᠲᠠᠨ ᠨᠥᠬᠥᠳ ᠬᠤᠷᠠᠯᠳᠤᠭᠤᠯᠬᠤ᠎ᠶᠢᠨ ᠬᠠᠮᠲᠤ ᠡᠷᠬᠢᠯᠡᠵᠦ᠂ ᠤᠳᠤᠷᠢᠳᠬᠤ ᠪᠠᠭ᠎ᠤᠨ ᠪᠦᠷᠢᠯᠳᠦᠭᠦᠨ ᠣᠷᠣᠯᠴᠠᠨ᠎ᠠ᠃ ᠭᠣᠣᠯ ᠬᠠᠷᠢᠭᠤᠴᠠᠯᠭᠠᠲᠠᠨ ᠨᠥᠬᠥᠳ ᠶᠠᠮᠠᠷ ᠨᠢᠭᠡᠨ ᠰᠢᠯᠲᠠᠭᠠᠨ᠎ᠠᠴᠠ ᠪᠣᠯᠵᠤ ᠬᠤᠷᠠᠯᠳᠤᠭᠤᠯᠬᠤ ᠠᠷᠭ᠎ᠠ ᠦᠭᠡᠢ ᠪᠣᠯᠬᠤ ᠪᠤᠶᠤ ᠬᠣᠭᠣᠰᠤᠨ ᠣᠷᠣ᠌ ᠭᠠᠷᠬᠤ ᠦᠶ᠎ᠡ᠎ᠳᠦ ᠪᠤᠰᠤᠳ ᠬᠠᠷᠢᠭᠤᠴᠠᠯᠭᠠᠲᠠᠨ ᠨᠥᠬᠥᠳ ᠪᠤᠶᠤ ᠨᠠᠮ᠎ᠤᠨ ᠬᠣᠷᠢᠶᠠᠨ᠎ᠠᠴᠠ ᠲᠣᠭᠲᠠᠭᠠᠭᠰᠠᠨ ᠬᠠᠷᠢᠭᠤᠴᠠᠯᠭᠠᠲᠠᠨ ᠨᠥᠬᠥᠳ᠎ᠲᠦ ᠨᠠᠢᠳᠠᠵᠤ ᠬᠤᠷᠠᠯ ᠬᠤᠷᠠᠯᠳᠤᠭᠤᠯᠵᠤ ᠪᠣᠯᠣᠨ᠎ᠠ᠃ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠬᠤᠷᠠᠯ ᠬᠤᠷᠠᠯᠳᠤᠭᠤᠯᠤᠭ᠍ᠴᠢᠠᠴᠠ ᠬᠣᠯᠪᠣᠭᠳᠠᠯ ᠪᠦᠬᠦᠢ ᠬᠥᠮᠥᠰ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠭᠲᠠᠭᠠᠵᠤ ᠪᠣᠯᠣᠨ᠎ᠠ᠃ ᠬᠤᠷᠠᠯ᠎ᠢ ᠲᠤᠰᠬᠠᠢ ᠠᠵᠢᠯᠲᠠᠨ ᠦᠨᠡᠨ ᠮᠥᠨ᠎ᠢᠶᠡᠷ ᠨᠢ ᠲᠡᠮᠳᠡᠭᠯᠡᠵᠦ ᠂ ᠲᠣᠭᠲᠠᠭᠠᠭᠰᠠᠨ ᠵᠦᠢᠯᠡᠰ᠎ᠦᠨ ᠲᠤᠬᠠᠢ ᠬᠤᠷᠠᠯ᠎ᠤᠨ ᠲᠣᠪᠴᠢ ᠲᠡᠮᠳᠡᠭᠯᠡᠯ᠎ᠢ ᠨᠠᠢᠷᠠᠭᠤᠯᠤᠨ ᠲᠠᠷᠬᠠᠭᠠᠬᠤ᠎ᠶᠢᠨ ᠬᠠᠮᠲᠤ ᠲᠣᠭᠲᠠᠭᠠᠯ ᠶᠣᠰᠣᠭᠠᠷ ᠲᠠᠩᠰᠠ ᠡᠪᠬᠡᠮᠡᠯ᠎ᠳᠦ ᠣᠷᠣᠭᠤᠯᠤᠨ ᠪᠠᠢᠴᠠᠭᠠᠬᠤ᠎ᠳᠤ ᠪᠡᠯᠡᠳᠬᠡᠨ᠎ᠡ ᠃
ᠬᠣᠷᠢᠨ ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠨᠡᠷ᠎ᠡ᠎ᠪᠡᠷ ᠨᠡᠢᠲᠡᠯᠡᠬᠦ ᠪᠤᠶᠤ ᠳᠡᠭᠡᠭᠰᠢ ᠮᠡᠳᠡᠭᠦᠯᠬᠦ ᠪᠢᠴᠢᠭ ᠮᠠᠲᠧᠷᠢᠶᠠᠯ᠎ᠳᠤ ᠭᠣᠣᠯ ᠬᠠᠷᠢᠭᠤᠴᠠᠯᠭᠠᠲᠠᠨ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠬᠣᠷᠢᠨ ᠬᠣᠶᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠪᠦᠲᠦᠮᠵᠢᠲᠡᠢ ᠱᠠᠯᠠᠪᠳᠠᠭᠤᠯᠤᠨ ᠪᠠᠢᠴᠠᠭᠠᠬᠤ᠂ ᠦᠨᠡᠯᠡᠨ ᠵᠢᠱ᠌ᠢᠬᠦ ᠪᠠ ᠬᠠᠷᠢᠭᠤ ᠲᠤᠰᠬᠠᠬᠤ ᠲᠣᠭᠲᠠᠴᠠ᠎ᠶᠢ ᠪᠠᠢᠭᠤᠯᠵᠤ᠂ ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠵᠦ᠂ ᠶᠠᠮᠤᠨ᠎ᠤ ᠰᠠᠢᠳ ( ᠡᠷᠬᠢᠯᠡᠭᠴᠢ᠂ ᠱᠦᠵᠢ )᠎ᠤᠨ ᠠᠯᠪᠠᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠶᠠᠮᠤᠨ ( ᠲᠢᠩᠬᠢᠮ᠂ ᠵᠥᠪᠯᠡᠯ᠂ ᠲᠠᠰᠤᠭ )᠎ᠤ ᠶᠠᠪᠤᠳᠠᠯ᠎ᠤᠨ ᠬᠤᠷᠠᠯ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ᠎ᠢ ᠨᠠᠢᠳᠠᠪᠤᠷᠢᠵᠢᠭᠤᠯᠬᠤ ᠪᠠ ᠰᠤᠳᠤᠯᠤᠨ ᠶᠠᠷᠢᠯᠴᠠᠬᠤ ᠲᠤᠰᠬᠠᠢ ᠠᠵᠢᠯ᠎ᠢ ᠵᠣᠬᠢᠶᠠᠨ ᠪᠠᠢᠭᠤᠯᠤᠨ ᠠᠬᠢᠭᠤᠯᠵᠤ ᠪᠣᠯᠣᠨ᠎ᠠ᠃ ᠶᠠᠮᠤᠨ᠎ᠤ ᠰᠠᠢᠳ ( ᠡᠷᠬᠢᠯᠡᠭᠴᠢ᠂ ᠱᠦᠵᠢ )᠎ᠤᠨ ᠠᠯᠪᠠᠨ ᠠᠵᠢᠯ᠎ᠤᠨ ᠬᠤᠷᠠᠯ᠎ᠢ ᠶᠠᠮᠤᠨ᠎ᠤ ᠰᠠᠢᠳ ( ᠡᠷᠬᠢᠯᠡᠭᠴᠢ᠂ ᠱᠦᠵᠢ ) ᠪᠤᠶᠤ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ᠎ᠳᠦ ᠨᠠᠢᠳᠠᠨ ᠡᠷᠭᠢᠯᠡᠨ ᠬᠤᠷᠠᠯᠳᠤᠭᠤᠯᠵᠤ ᠂ ᠤᠳᠤᠷᠢᠳᠬᠤ ᠪᠠᠭ᠎ᠤᠨ ᠬᠣᠯᠪᠣᠭᠳᠠᠯ ᠪᠦᠬᠦᠢ ᠪᠦᠷᠢᠯᠳᠦᠭᠦᠨ ᠪᠠ ᠬᠣᠯᠪᠣᠭᠳᠠᠯ ᠪᠦᠬᠦᠢ ᠳᠣᠲᠣᠭᠠᠳᠤ ᠪᠠᠢᠭᠤᠯᠤᠮᠵᠢ᠎ᠶᠢᠨ ᠭᠣᠣᠯ ᠬᠠᠷᠢᠭᠤᠴᠠᠯᠭᠠᠲᠠᠨ ᠨᠠᠷ ᠣᠷᠣᠯᠴᠠᠨ᠎ᠠ᠃ ᠶᠠᠮᠤᠨ᠎ᠤ ᠰᠠᠢᠳ ( ᠡᠷᠬᠢᠯᠡᠭᠴᠢ ᠂ ᠱᠦᠵᠢ )᠎ᠤᠨ ᠠᠯᠪᠠᠨ ᠠᠵᠢᠯ᠎ᠤᠨ ᠬᠤᠷᠠᠯ ᠨᠢ ᠶᠠᠮᠤᠨ ( ᠲᠢᠩᠬᠢᠮ ᠂ ᠵᠥᠪᠯᠡᠯ ᠂ ᠲᠠᠰᠤᠭ )᠎ᠤ ᠠᠵᠢᠯ᠎ᠤᠨ ᠬᠤᠷᠠᠯ᠎ᠢ ᠣᠷᠣᠯᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠪᠣᠯᠬᠤ ᠦᠭᠡᠢ᠃
ᠬᠣᠷᠢᠨ ᠳᠥᠷᠪᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠭ ᠵᠢᠴᠢ ᠲᠡᠭᠦᠨ᠎ᠦ ᠪᠦᠷᠢᠯᠳᠦᠭᠦᠨ ᠲᠦᠷᠦᠭᠦᠯᠡᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠵᠤ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠵᠡᠪᠰᠡᠭᠯᠡᠬᠦ᠎ᠶᠢ ᠴᠢᠩᠭᠠᠳᠬᠠᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ᠎ᠢ ᠴᠢᠩᠭ᠎ᠠ ᠰᠠᠬᠢᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ ᠬᠡᠷᠡᠭᠲᠡᠢ᠃ ᠵᠥᠪ ᠵᠠᠰᠠᠭ᠎ᠤᠨ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠯᠡᠬᠦ ᠡᠯ᠎ᠡ ᠵᠦᠢᠯ᠎ᠦᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ᠎ᠢ ᠡᠷᠡᠰ ᠡᠰᠡᠷᠭᠦᠴᠡᠨ᠎ᠡ᠃
ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠭ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ᠎ᠤᠨ ᠰᠠᠬᠢᠯᠭ᠎ᠠ ᠪᠠᠲᠤ᠎ᠶᠢ ᠡᠷᠡᠰ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠣᠷᠴᠢᠨ ᠲᠣᠭᠣᠷᠢᠨ᠎ᠢ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠡᠢ᠃
ᠲᠠᠪᠤᠳᠤᠭᠠᠷ ᠪᠦᠯᠦᠭ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ
ᠬᠣᠷᠢᠨ ᠲᠠᠪᠤᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠠᠮ᠎ᠤᠨ ᠬᠣᠷᠢᠶᠠᠨ᠎ᠤ ᠪᠦᠬᠦ ᠲᠠᠯ᠎ᠠ᠎ᠶᠢᠨ ᠬᠢᠨᠠᠯᠲᠠ᠎ᠶᠢ ᠬᠦᠯᠢᠶᠡᠵᠦ᠂ ᠵᠢᠯ ᠪᠦᠷᠢ ᠠᠳᠠᠭ᠎ᠲᠠᠭᠠᠨ ᠨᠠᠮ᠎ᠤᠨ ᠬᠣᠷᠢᠶ᠎ᠠ᠎ᠳᠤ ᠨᠢᠭᠡ ᠤᠳᠠᠭ᠎ᠠ ᠪᠦᠬᠦ ᠲᠠᠯ᠎ᠠ᠎ᠶᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠬᠢᠵᠦ᠂ ᠴᠢᠬᠤᠯᠠ ᠪᠠᠢᠳᠠᠯ ᠲᠣᠬᠢᠶᠠᠯᠳᠤᠪᠠᠯ ᠴᠠᠭ ᠲᠤᠬᠠᠢ ᠳ᠋ᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ ᠨᠠᠮ᠎ᠤᠨ ᠲᠥᠪ ᠬᠣᠷᠢᠶ᠎ᠠ ᠬᠢᠭᠡᠳ ᠨᠠᠮ᠎ᠤᠨ ᠬᠣᠷᠢᠶᠠᠨ᠎ᠤ ᠵᠠᠷᠢᠮ ᠴᠢᠬᠤᠯᠠ ᠵᠢᠭᠠᠪᠤᠷᠢ ᠪᠠ ᠲᠣᠭᠲᠠᠭᠠᠯ᠎ᠢ ᠬᠡᠷᠡᠭᠵᠢᠭᠦᠯᠦᠭᠰᠡᠨ ᠪᠠᠢᠳᠠᠯ᠎ᠢᠶᠠᠨ ᠲᠤᠰᠬᠠᠢ ᠰᠡᠳᠦᠪ᠎ᠢᠶᠡᠷ ᠮᠡᠳᠡᠭᠦᠯᠬᠦ ᠬᠡᠷᠡᠭᠲᠡᠢ᠃ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠭᠠᠷᠭᠠᠭᠰᠠᠨ ᠵᠣᠬᠢᠰ ᠤᠢᠭᠡᠢ ᠲᠣᠭᠲᠠᠭᠠᠯ᠎ᠢ ᠲᠤᠰ ᠱᠠᠲᠤᠨ᠎ᠤ ᠨᠠᠮ᠎ᠤᠨ ᠬᠣᠷᠢᠶ᠎ᠠ ᠬᠦᠴᠦᠨ ᠤᠢᠭᠡᠢ ᠪᠣᠯᠭᠠᠬᠤ ᠪᠤᠶᠤ ᠬᠤᠪᠢᠷᠠᠭᠤᠯᠬᠤ ᠡᠷᠬᠡ᠎ᠲᠠᠢ᠃
ᠨᠠᠮ᠎ᠤᠨ ᠠᠵᠢᠯ᠎ᠤᠨ ᠪᠠᠢᠭᠤᠯᠭ᠎ᠠ ᠨᠢ ᠲᠣᠭᠣᠷᠢᠨ ᠪᠠᠢᠴᠠᠭᠠᠬᠤ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠵᠢᠴᠢ ᠲᠡᠭᠦᠨ᠎ᠦ ᠲᠣᠮᠢᠯᠠᠨ ᠰᠠᠭᠤᠯᠭᠠᠭᠰᠠᠨ ᠪᠠᠢᠭᠤᠯᠤᠮᠵᠢ᠂ ᠲᠣᠮᠢᠯᠠᠭᠰᠠᠨ ᠪᠠᠢᠭᠤᠯᠤᠮᠵᠢ ᠵᠡᠷᠭᠡ᠎ᠶᠢᠨ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠬᠦ᠎ᠶᠢᠨ ᠬᠠᠮᠲᠤ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃
ᠬᠣᠷᠢᠨ ᠵᠢᠷᠭᠤᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠭ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠱᠠᠭᠠᠷᠳᠠᠯᠭ᠎ᠠ᠎ᠶᠢ ᠲᠦᠷᠦᠭᠦᠯᠡᠨ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶᠢᠨ ᠬᠢᠨᠠᠯᠲᠠ ᠪᠠ ᠤᠯᠠᠨ ᠲᠦᠮᠡᠨ᠎ᠦ ᠬᠢᠨᠠᠯᠲᠠ ᠵᠡᠷᠭᠡ ᠡᠯ᠎ᠡ ᠲᠦᠷᠦᠯ᠎ᠦᠨ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠤᠳᠤᠷᠢᠳᠬᠤ ᠪᠠᠭ᠎ᠤᠨ ᠪᠦᠷᠢᠯᠳᠦᠭᠦᠨ ᠨᠢ ᠨᠠᠮ᠎ᠤᠨ ᠵᠣᠬᠢᠶᠠᠨ ᠪᠠᠢᠭᠤᠯᠤᠯᠲᠠ᠎ᠳᠤ ᠬᠤᠪᠢ ᠬᠥᠮᠥᠨ᠎ᠦ ᠬᠣᠯᠪᠣᠭᠳᠠᠯ ᠪᠦᠬᠦᠢ ᠤᠴᠢᠷ ᠶᠠᠪᠤᠳᠠᠯ᠂ ᠬᠠᠷᠢᠭᠤᠴᠠᠯᠭ᠎ᠠ᠎ᠶᠢᠨ ᠮᠡᠳᠡᠭᠦᠯᠦᠯᠲᠡ ᠪᠠ ᠠᠷᠢᠭᠤᠨ ᠴᠢᠬᠡᠴᠢ᠎ᠶᠢᠨ ᠮᠡᠳᠡᠭᠦᠯᠦᠯᠲᠡ᠎ᠪᠡᠨ ᠦᠨᠡᠨ ᠮᠥᠨ᠎ᠢᠶᠡᠷ ᠨᠢ ᠮᠡᠳᠡᠭᠦᠯᠵᠦ᠂ ᠵᠣᠬᠢᠶᠠᠨ ᠪᠠᠢᠭᠤᠯᠤᠯᠲᠠ᠎ᠶᠢᠨ ᠬᠢᠨᠠᠯᠲᠠ᠎ᠶᠢ ᠬᠦᠯᠢᠶᠡᠬᠦ ᠬᠡᠷᠡᠭᠲᠡᠢ᠃
ᠬᠣᠷᠢᠨ ᠳᠣᠯᠣᠳᠤᠭᠠᠷ ᠵᠦᠢᠯ ᠨᠠᠮ᠎ᠤᠨ ᠬᠣᠷᠢᠶ᠎ᠠ ᠨᠢ ᠬᠠᠷᠢᠶ᠎ᠠ ᠠᠵᠢᠯ᠎ᠤᠨ ᠪᠠᠢᠭᠤᠯᠭ᠎ᠠ᠎ᠶᠢᠨ᠎ᠢᠶᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠵᠤ ᠬᠢᠨᠠᠨ ᠰᠢᠯᠭᠠᠵᠤ᠂ ᠪᠣᠳᠠᠲᠠᠢ ᠠᠵᠢᠯ᠎ᠢ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠡᠴᠡ ᠬᠠᠷᠢᠭᠤᠴᠠᠵᠤ᠂ ᠬᠢᠨᠠᠨ ᠰᠢᠯᠭᠠᠭᠰᠠᠨ ᠦᠷ᠎ᠡ ᠳ᠋ᠦᠩ᠎ᠢ ᠵᠣᠬᠢᠬᠤ ᠬᠡᠪᠴᠢᠶᠡᠨ᠎ᠳᠦ ᠵᠠᠷᠯᠠᠨ ᠮᠡᠳᠡᠭᠳᠡᠬᠦ ᠬᠡᠷᠡᠭᠲᠡᠢ᠃
ᠬᠣᠷᠢᠨ ᠨᠠᠢ᠍ᠮᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠤᠳᠤᠷᠢᠳᠬᠤ ᠪᠠᠭ᠎ᠤᠨ ᠪᠦᠷᠢᠯᠳᠦᠭᠦᠨ ᠲᠤᠰ ᠳᠦᠷᠢᠮ᠎ᠦᠨ ᠬᠣᠯᠪᠣᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠪᠠᠯ᠂ ᠲᠡᠭᠦᠨ᠎ᠦ ᠦᠢᠯᠡ ᠠᠵᠢᠯᠯᠠᠭ᠎ᠠ᠎ᠶᠢᠨ ᠰᠢᠨᠵᠢ ᠴᠢᠨᠠᠷ ᠪᠠ ᠦᠢᠯᠡ ᠪᠠᠢᠳᠠᠯ᠎ᠤᠨ ᠬᠦᠨᠳᠦ ᠬᠥᠩᠭᠡᠨ᠎ᠢ ᠦᠨᠳᠦᠰᠦᠯᠡᠨ᠂ ᠲᠣᠭᠲᠠᠭᠠᠯ ᠰᠠᠬᠢᠯᠭ᠎ᠠ ᠶᠣᠰᠣᠭᠠᠷ ᠬᠠᠤᠯᠢ ᠶᠣᠰᠣᠭᠠᠷ ᠶᠠᠷᠢᠯᠴᠠᠵᠤ ᠰᠠᠨᠠᠭᠤᠯᠬᠤ᠂ ᠰᠢᠭᠦᠮᠵᠢᠯᠡᠨ ᠰᠤᠷᠭᠠᠬᠤ᠂ ᠵᠠᠷᠯᠢᠭ᠍ᠳᠠᠨ ᠪᠠᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠢᠭᠤᠯᠤᠯᠲᠠ᠎ᠶᠢᠨ ᠲᠠᠯ᠎ᠠ᠎ᠪᠠᠷ ᠰᠢᠢᠳᠪᠦᠷᠢᠯᠡᠬᠦ ᠪᠤᠶᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢᠳᠬᠡᠯ ᠥᠭᠬᠦ ᠵᠡᠷᠭᠡ᠎ᠪᠡᠷ ᠰᠢᠢᠳᠪᠦᠷᠢᠯᠡᠨ᠎ᠡ᠃
ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ
ᠬᠣᠷᠢ ᠶᠢᠰᠦᠳᠦᠭᠡᠷ ᠵᠦᠢᠯ ᠪᠠᠢᠭᠤᠯᠤᠮᠵᠢ᠎ᠶᠢᠨ ᠣᠷᠣᠨ ᠲᠣᠭ᠎ᠠ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠲᠤᠰ ᠳᠦᠷᠢᠮ᠎ᠢ ᠦᠨᠳᠦᠰᠦᠯᠡᠨ ᠨᠠᠮ᠎ᠤᠨ ᠠᠵᠢᠯ᠎ᠤᠨ ᠪᠠᠢᠭᠤᠯᠭ᠎ᠠ᠎ᠶᠢᠨ ᠡᠭᠦᠷᠭᠡ ᠴᠢᠳᠠᠪᠤᠷᠢ᠎ᠶᠢᠨ ᠲᠣᠬᠢᠷᠠᠭᠤᠯᠤᠯᠲᠠ᠂ ᠳᠣᠲᠣᠭᠠᠳᠤ᠎ᠶᠢᠨ ᠪᠠᠢᠭᠤᠯᠤᠮᠵᠢ᠂ ᠠᠵᠢᠯᠲᠠᠨ᠎ᠤ ᠣᠷᠣᠨ ᠲᠣᠭ᠎ᠠ᠎ᠶᠢᠨ ᠲᠣᠭᠲᠠᠭᠠᠯ᠎ᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠵᠢᠷᠤᠮ ᠶᠣᠰᠣᠭᠠᠷ ᠲᠤᠰ ᠱᠠᠲᠤᠨ᠎ᠤ ᠪᠠᠢᠭᠤᠯᠤᠮᠵᠢ᠎ᠶᠢᠨ ᠣᠷᠣᠨ ᠲᠣᠭ᠎ᠠ᠎ᠶᠢᠨ ᠵᠥᠪᠯᠡᠯ᠎ᠢᠶᠡᠷ ᠬᠢᠨᠠᠨ ᠲᠣᠭᠲᠠᠭᠠᠯᠭᠠᠬᠤ᠎ᠶᠢᠨ ᠬᠠᠮᠲᠤ ᠲᠤᠰ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ᠎ᠦ ᠲᠠᠷᠠᠭ᠎ᠠ᠂ ᠨᠠᠮ᠎ᠤᠨ ᠬᠣᠷᠢᠶᠠᠨ᠎ᠤ ᠠᠯᠪᠠᠨ ᠲᠢᠩᠬᠢᠮ ( ᠠᠯᠪᠠᠨ ᠭᠡᠷ )᠎ᠤᠨ ᠪᠢᠴᠢᠭ ᠮᠠᠲᠧᠷᠢᠶᠠᠯ᠎ᠤᠨ ᠬᠡᠯᠪᠡᠷᠢ᠎ᠪᠡᠷ ᠳᠠᠷᠤᠮᠠᠯᠯᠠᠨ ᠲᠠᠷᠬᠠᠭᠠᠬᠤ ᠬᠡᠷᠡᠭᠲᠡᠢ᠃
ᠭᠤᠴᠢᠳᠤᠭᠠᠷ ᠵᠦᠢᠯ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠳᠦᠷᠢᠮ᠎ᠢ ᠦᠨᠳᠦᠰᠦᠯᠡᠨ ᠬᠣᠯᠪᠣᠭᠳᠠᠯ ᠪᠦᠬᠦᠢ ᠲᠣᠭᠲᠠᠭᠠᠯ᠎ᠢ ᠲᠣᠭᠲᠠᠭᠠᠵᠤ ᠪᠣᠯᠣᠨ᠎ᠠ᠃
ᠭᠤᠴᠢᠨ ᠨᠢᠭᠡᠳᠦᠭᠡᠷ ᠵᠦᠢᠯ ᠲᠤᠰ ᠳᠦᠷᠢᠮ᠎ᠢ ᠲᠥᠪ ᠬᠣᠷᠢᠶᠠᠨ᠎ᠤ ᠠᠯᠪᠠᠨ ᠲᠢᠩᠬᠢᠮ᠎ᠡᠴᠡ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠲᠥᠪ᠎ᠦᠨ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠲᠠᠢ ᠵᠥᠪᠳᠡᠯᠴᠡᠨ ᠲᠠᠢᠯᠪᠤᠷᠢᠯᠠᠨ᠎ᠠ᠃
ᠭᠤᠴᠢᠨ ᠬᠣᠶᠠᠳᠤᠭᠠᠷ ᠵᠦᠢᠯ ᠲᠤᠰ ᠳᠦᠷᠢᠮ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃