ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵ᠊
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠰᠢᠨ᠎ᠡ ᠠᠷᠭ᠎ᠠ ᠬᠡᠮᠵᠢᠶ᠎ᠡ ᠵᠢ ᠰᠢᠯᠢᠳᠡᠭᠵᠢᠭᠦᠯᠵᠦ ᠴᠢᠨᠠᠷ ᠰᠠᠢ᠌ᠲᠠᠢ ᠬᠥᠭᠵᠢᠯᠲᠡ᠎ᠳᠤ ᠳᠠᠬᠢᠨᠲᠠ ᠬᠤᠷᠳᠤ ᠨᠡᠮᠡᠭᠳᠡᠭᠦᠯᠬᠦ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-03-29

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠲᠡᠭᠡᠭᠰᠢᠯᠡᠬᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠴᠢᠨᠠᠷ ᠰᠠᠢ᠌ᠲᠠᠢ ᠬᠥᠭᠵᠢᠯᠲᠡ ᠵᠢᠨ ᠬᠠᠷᠠᠯᠳᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 2025 ᠣᠨ᠎ᠤ 2 ᠰᠠᠷ᠎ᠠ ᠵᠢᠨ 20᠎ᠤ ᠡᠳᠦᠷ 《ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠡᠳᠦᠭᠡ ᠠᠯᠢ ᠤᠯᠠᠨ ᠰᠢᠨ᠎ᠡ ᠵᠢ ᠡᠭᠦᠳᠬᠦ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠪᠥᠬᠥ ᠲᠠᠯ᠎ᠠ᠎ᠪᠠᠷ ᠰᠢᠯᠢᠳᠡᠭᠵᠢᠭᠦᠯᠵᠦ᠂ ᠲᠥᠷᠥᠯ ᠵᠦᠢ᠍ᠯ᠎ᠢ ᠥᠨᠳᠥᠷ ᠪᠦᠲᠦᠮᠵᠢᠲᠡᠢ᠎ᠪᠠᠷ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠪᠣᠬᠢᠷᠲᠤᠯ ᠦᠭᠡᠢ ᠬᠥᠳᠡᠯᠭᠡᠭᠴᠢ ᠡᠨᠧᠷᠭᠢ ᠨᠡᠮᠡᠷᠢᠯᠡᠪᠡ᠃ 《ᠠᠷᠭ᠎ᠠ ᠬᠡᠮᠵᠢᠶ᠎ᠡ》᠎ᠨᠢ ᠨᠠᠢ᠌ᠳᠠ ᠠᠷᠪᠠᠨ ᠨᠢᠭᠡᠨ ᠵᠦᠢ᠍ᠯ ᠪᠠᠢ᠌ᠵᠤ᠂ ᠣᠷᠴᠢᠨ ᠲᠣᠭᠣᠷᠢᠨ᠎ᠳᠤ ᠦᠵᠡᠭᠦᠯᠬᠦ ᠣᠷᠴᠢᠨ ᠲᠣᠭᠣᠷᠢᠨ᠎ᠢ ᠬᠢᠨᠠᠨ ᠦᠨᠡᠯᠡᠬᠦ ᠵᠥᠪᠰᠢᠶᠡᠷᠡᠯ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠵᠥᠪᠰᠢᠶᠡᠷᠡᠬᠦ᠂ ᠠᠶᠤᠯᠲᠠᠢ ᠬᠠᠶᠠᠭᠳᠠᠮᠠᠯ ᠪᠣᠳᠠᠰ᠎ᠢ ᠬᠠᠮᠢᠶᠠᠷᠬᠤ ᠵᠡᠷᠭᠡ ᠤᠯᠠᠨ ᠲᠠᠯ᠎ᠠ ᠵᠢ ᠬᠠᠮᠤᠷᠴᠤ᠂ ᠵᠠᠰᠠᠭ᠎ᠢ ᠴᠣᠮᠬᠠᠳᠬᠠᠨ ᠡᠷᠬᠡ ᠵᠢ ᠪᠠᠭᠤᠯᠭ᠋ᠠᠬᠤ᠂ ᠲᠣᠭ᠎ᠠ ᠪᠠᠷᠢᠮᠲᠠ᠎ᠪᠠᠷ ᠡᠨᠧᠷᠭᠢ ᠣᠯᠭᠣᠬᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠰᠢᠷᠢᠰ ᠠᠷᠭ᠎ᠠ ᠬᠡᠮᠵᠢᠶ᠎ᠡ᠎ᠪᠠᠷ ᠬᠢᠨᠠᠨ ᠵᠥᠪᠰᠢᠶᠡᠷᠡᠬᠦ ᠴᠢᠳᠠᠪᠬᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠢᠬᠤᠯᠠ ᠶᠡᠬᠡ ᠳᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠨᠠᠢ᠌ᠳᠠᠪᠤᠷᠢᠵᠢᠭᠤᠯᠬᠤ ᠵᠢ ᠬᠠᠮᠠᠭ᠋ᠠᠯᠠᠪᠠ᠃
      ᠨᠢᠭᠡ᠂ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠶᠡᠬᠡᠪᠡᠷ ᠲᠦᠯᠬᠢᠨ ᠠᠬᠢᠭᠤᠯᠤᠨ᠎ᠠ
      (ᠨᠢᠭᠡ) ᠬᠡᠰᠡᠭ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠬᠢᠨᠠᠨ ᠰᠢᠯᠭ᠋ᠠᠷᠠᠭᠤᠯᠤᠯᠲᠠ ᠵᠢ ᠵᠥᠪᠰᠢᠶᠡᠷᠡᠬᠦ ᠡᠷᠬᠡ ᠮᠡᠳᠡᠯ᠎ᠢ ᠳᠣᠷᠣᠭᠰᠢ ᠪᠠᠭᠤᠯᠭ᠋ᠠᠨ᠎ᠠ᠃ 《ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠤᠯᠢ》᠂ 《ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠬᠢᠨᠠᠨ ᠬᠠᠮᠢᠶᠠᠷᠬᠤ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠢᠩᠬᠢᠮ᠎ᠤᠨ ᠲᠣᠰ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠲᠣᠭᠲᠠᠭ᠋ᠠᠵᠤ ᠵᠥᠪᠰᠢᠶᠡᠷᠡᠬᠦ ᠡᠷᠬᠡ ᠮᠡᠳᠡᠯ᠎ᠢ ᠨᠢᠭᠡᠳᠦᠯᠲᠡᠢ ᠲᠥᠯᠥᠪᠯᠡᠨ ᠰᠢᠯᠢᠳᠡᠭᠵᠢᠭᠦᠯᠦᠨ᠎ᠡ᠃ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ 3 ᠶᠡᠬᠡ ᠲᠥᠷᠥᠯ᠎ᠤᠨ ᠨᠠᠢ᠌ᠳᠠ 129 ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠪᠠᠭᠤᠯᠭ᠋ᠠᠵᠤ ᠬᠡᠷᠡᠭᠵᠢᠭᠦᠯᠦᠨ᠎ᠡ᠃
      ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠤᠬᠠᠢ ᠮᠡᠳᠡᠭᠳᠡᠯ》 (ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ [2024] 65 ᠳ᠋ᠤᠭ᠋ᠠᠷ ᠲᠣᠭ᠋ᠠᠲᠤ)᠎ᠳᠤ ᠲᠣᠭᠲᠠᠭ᠋ᠠᠭᠰᠠᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ 《ᠬᠣᠶᠠᠷ ᠥᠨᠳᠥᠷ》᠂ ᠤᠰᠤᠨ ᠠᠰᠢᠭᠯᠠᠯᠲᠠ ᠤᠰᠤᠨ ᠴᠠᠬᠢᠯᠭ᠋ᠠᠨ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠠᠴᠠ ᠭᠠᠳᠠᠨ᠎ᠠ᠂ ᠵᠢᠴᠢ 《ᠬᠠᠲᠤᠨ ᠭᠣᠣᠯ᠎ᠤᠨ ᠰᠠᠪᠠ ᠭᠠᠵᠠᠷ᠎ᠤᠨ ᠵᠣᠬᠢᠶᠠᠮᠠᠯ ᠨᠠᠭᠤᠷ᠎ᠤᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠮᠡᠳᠡᠭᠳᠡᠯ》 (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠯᠪᠠᠨ ᠭᠡᠷ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠵᠠᠬᠢᠳᠠᠯ [2020] 602 ᠳ᠋ᠤᠭ᠋ᠠᠷ ᠲᠣᠭ᠋ᠠᠲᠤ)᠎ᠳᠤ ᠲᠣᠭᠲᠠᠭ᠋ᠠᠭᠰᠠᠨ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠡᠪ ᠵᠶ᠋ᠡᠷ ᠪᠠᠢ᠌ᠯᠭ᠋ᠠᠵᠤ ᠬᠢᠨᠠᠨ ᠵᠥᠪᠰᠢᠶᠡᠷᠡᠭᠦᠯᠬᠦ ᠴᠢᠬᠤᠯᠠᠲᠠᠢ ᠲᠥᠷᠥᠯ ᠵᠦᠢ᠍ᠯ᠎ᠠᠴᠠ ᠭᠠᠳᠠᠨ᠎ᠠ᠂ ᠪᠤᠰᠤᠳ ᠲᠥᠷᠥᠯ᠎ᠤᠨ ᠲᠥᠷᠥᠯ ᠵᠦᠢ᠍ᠯ᠎ᠢ ᠪᠦᠬᠦᠨ᠎ᠢ ᠳᠣᠷᠣᠭᠰᠢ ᠪᠠᠭᠤᠯᠭ᠋ᠠᠵᠤ᠂ ᠨᠠᠢ᠌ᠳᠠ 125 ᠲᠥᠷᠥᠯ ᠵᠦᠢ᠍ᠯ᠎ᠤᠨ ᠲᠥᠷᠥᠯ ᠢᠯᠭ᠋ᠠᠯ᠎ᠢ ᠳᠣᠷᠣᠭᠰᠢ ᠪᠠᠭᠤᠯᠭ᠋ᠠᠨ᠎ᠠ᠃
      ᠴᠥᠮ᠎ᠡ ᠬᠢᠭᠡᠳ ᠰᠠᠴᠤᠷᠠᠭ᠎ᠤᠨ ᠵᠥᠪᠰᠢᠶᠡᠷᠡᠯ᠄ Ⅳ᠂ V ᠲᠥᠷᠥᠯ᠎ᠤᠨ ᠰᠠᠴᠤᠷᠠᠭ ᠡᠭᠦᠰᠬᠡᠭᠴᠢ ᠵᠢ ᠳᠣᠷᠣᠭᠰᠢ ᠪᠠᠭᠤᠯᠭ᠋ᠠᠵᠤ ᠬᠡᠷᠡᠭᠯᠡᠬᠦ ᠪᠠ Ⅲ ᠲᠥᠷᠥᠯ᠎ᠤᠨ ᠰᠠᠴᠤᠷᠠᠭ᠎ᠤᠨ ᠲᠣᠨᠣᠭᠯᠠᠯ᠎ᠢ ᠬᠡᠷᠡᠭᠯᠡᠬᠦ᠎ᠳᠤ ᠨᠠᠢ᠌ᠳᠠ 2 ᠲᠥᠷᠥᠯ᠎ᠤᠨ ᠰᠠᠴᠤᠷᠠᠭ᠎ᠤᠨ ᠠᠮᠤᠷ ᠲᠦᠪᠰᠢᠨ᠎ᠤ ᠵᠥᠪᠰᠢᠶᠡᠷᠡᠯ᠎ᠢ ᠳᠣᠷᠣᠭᠰᠢ ᠪᠠᠭᠤᠯᠭ᠋ᠠᠵᠤ᠂ 110 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢᠨ ᠵᠥᠪᠰᠢᠶᠡᠷᠡᠯ᠎ᠢ ᠳᠣᠷᠣᠭᠰᠢ ᠪᠠᠭᠤᠯᠭ᠋ᠠᠵᠤ᠂ ᠨᠠᠢ᠌ᠳᠠ 3 ᠲᠥᠷᠥᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠳᠣᠷᠣᠭᠰᠢ ᠪᠠᠭᠤᠯᠭ᠋ᠠᠨ᠎ᠠ᠃
      ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢᠨ ᠵᠥᠪᠰᠢᠶᠡᠷᠡᠯ᠄ ᠠᠶ᠋ᠢᠮᠠᠭ ᠬᠣᠲᠠ᠎ᠳᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ᠎ᠳᠤ ᠨᠠᠢ᠌ᠳᠠ 1 ᠲᠥᠷᠥᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠲᠣᠬᠢᠷᠠᠭᠤᠯᠤᠨ᠎ᠠ᠃
      (ᠬᠣᠶᠠᠷ) ᠬᠡᠯᠲᠦᠷᠢᠭᠦᠯᠬᠦ ᠬᠡᠰᠡᠭ᠎ᠢ ᠬᠢᠨᠠᠨ ᠵᠥᠪᠰᠢᠶᠡᠷᠡᠵᠦ ᠬᠠᠮᠢᠶᠠᠷᠬᠤ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ 《ᠠᠶᠤᠯᠲᠠᠢ ᠬᠠᠶᠠᠭᠳᠠᠮᠠᠯ ᠪᠣᠳᠠᠰ᠎ᠢ ᠬᠢᠨᠠᠨ ᠬᠠᠮᠢᠶᠠᠷᠬᠤ ᠪᠠ ᠠᠰᠢᠭᠯᠠᠵᠤ ᠰᠢᠢ᠍ᠳᠪᠦᠷᠢᠯᠡᠬᠦ ᠴᠢᠳᠠᠪᠤᠷᠢ ᠵᠢ ᠴᠢᠩᠭ᠋ᠠᠷᠠᠭᠤᠯᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠲᠥᠷᠥ ᠠᠯᠪᠠᠨ ᠵᠠᠬᠢᠳᠠᠯ [2021] 47 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠠᠶᠤᠯᠲᠠᠢ ᠬᠠᠶᠠᠭᠳᠠᠮᠠᠯ ᠪᠣᠳᠠᠰ᠎ᠢ ᠮᠤᠵᠢ ᠠᠯᠤᠰᠯᠠᠨ ᠰᠢᠯᠵᠢᠭᠦᠯᠬᠦ 《ᠨᠡᠷᠡᠰ᠎ᠤᠨ ᠴᠠᠭ᠋ᠠᠨ ᠲᠠᠩᠰᠠ》 ᠵᠢᠨ ᠳᠦᠷᠢᠮ ᠪᠠ 《ᠴᠡᠭ᠎ᠠᠴᠠ ᠴᠡᠭ᠎ᠲᠤ ᠬᠦᠷᠬᠦ》 ᠬᠠᠨᠳᠤᠯᠭ᠎ᠠ᠎ᠲᠠᠢ᠎ᠪᠠᠷ ᠠᠰᠢᠭᠯᠠᠬᠤ ᠵᠥᠪᠰᠢᠶᠡᠷᠡᠯ᠎ᠤᠨ ᠦᠨᠡᠮᠯᠡᠯ᠎ᠠᠴᠠ ᠬᠡᠯᠲᠦᠷᠢᠭᠦᠯᠬᠦ ᠳᠦᠷᠢᠮ᠎ᠢ ᠦᠷᠭᠦᠯᠵᠢᠯᠡᠨ ᠬᠡᠷᠡᠭᠵᠢᠭᠦᠯᠦᠨ᠎ᠡ᠃ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠲᠡᠮᠳᠡᠭᠯᠡᠯ ᠪᠠ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠮᠵᠢᠶ᠎ᠡ ᠵᠡᠷᠭᠡ ᠵᠢ ᠦᠨᠳᠦᠰᠦᠯᠡᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠶᠠᠭᠳᠠᠮᠠᠯ ᠬᠣᠷᠭᠣᠯᠵᠢᠨ ᠴᠠᠬᠢᠯᠭ᠋ᠠᠨ ᠬᠤᠷᠢᠶᠠᠭᠤᠷ᠎ᠢ ᠮᠤᠵᠢ ᠠᠯᠤᠰᠯᠠᠨ ᠰᠢᠯᠵᠢᠭᠦᠯᠬᠦ ᠬᠠᠮᠢᠶᠠᠷᠤᠯᠲᠠ ᠵᠢᠨ ᠲᠤᠷᠰᠢᠯᠲᠠ ᠵᠢᠨ ᠴᠡᠭ᠎ᠤᠨ ᠰᠠᠭᠤᠷᠢᠨ ᠳᠡᠭᠡᠷ᠎ᠡ᠂ 《ᠨᠡᠷᠡᠰ᠎ᠤᠨ ᠴᠠᠭ᠋ᠠᠨ ᠲᠠᠩᠰᠠ》 ᠵᠢᠨ ᠠᠷᠭ᠎ᠠ ᠮᠠᠶᠢᠭ ᠵᠶ᠋ᠠᠷ ᠲᠦᠭᠰᠢᠭᠦᠷᠢ᠎ᠪᠠᠷ ᠨᠡᠯᠢᠶᠡᠳ ᠪᠠᠭ᠎ᠠ᠂ ᠶᠡᠷᠦᠩᠬᠡᠢ᠌ᠯᠡᠨ ᠠᠰᠢᠭᠯᠠᠬᠤ ᠥᠷᠲᠡᠭ ᠵᠶ᠋ᠡᠷ ᠨᠡᠯᠢᠶᠡᠳ ᠥᠨᠳᠥᠷ ᠠᠶᠤᠯᠲᠠᠢ ᠬᠠᠶᠠᠭᠳᠠᠮᠠᠯ ᠪᠣᠳᠠᠰ᠎ᠢ ᠮᠤᠵᠢ ᠠᠯᠤᠰᠯᠠᠨ ᠰᠢᠯᠵᠢᠭᠦᠯᠬᠦ ᠵᠢ ᠬᠢᠨᠠᠨ ᠵᠥᠪᠰᠢᠶᠡᠷᠡᠬᠦ ᠵᠢᠷᠤᠮ᠎ᠢ ᠳᠥᠭᠥᠮᠴᠢᠯᠡᠬᠦ ᠵᠢ ᠦᠷᠭᠦᠯᠵᠢᠯᠡᠨ ᠰᠦᠪᠡᠭᠴᠢᠯᠡᠨ᠎ᠡ᠃ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠡᠵᠡᠮᠳᠡᠵᠦ ᠪᠣᠯᠬᠤ ᠤᠷᠢᠲᠠᠯ᠎ᠤᠨ ᠳᠣᠣᠷ᠎ᠠ᠂ ᠨᠢᠭᠡ ᠨᠢᠭᠡᠴᠢ ᠵᠢᠨ ᠭᠠᠷᠭ᠋ᠠᠭᠰᠠᠨ ᠨᠢᠭᠡ ᠵᠦᠢ᠍ᠯ᠎ᠤᠨ ᠠᠶᠤᠯᠲᠠᠢ ᠬᠠᠶᠠᠭᠳᠠᠮᠠᠯ ᠪᠣᠳᠠᠰ᠎ᠢ ᠥᠭᠡᠷ᠎ᠡ ᠨᠢᠭᠡ ᠨᠢᠭᠡᠴᠢ ᠵᠢᠨ ᠣᠷᠴᠢᠨ ᠲᠣᠭᠣᠷᠢᠨ᠎ᠢ ᠵᠠᠰᠠᠬᠤ ᠪᠤᠶᠤ ᠠᠵᠤ ᠦᠢ᠍ᠯᠡᠳᠪᠦᠷᠢ ᠵᠢᠨ ᠲᠦᠭᠦᠬᠡᠢ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠣᠷᠣᠯᠠᠬᠤ ᠲᠦᠭᠦᠬᠡᠢ ᠮᠠᠲ᠋ᠧᠷᠢᠶᠠᠯ ᠪᠣᠯᠭ᠋ᠠᠨ ᠬᠡᠷᠡᠭᠯᠡᠵᠦ ᠪᠣᠯᠬᠤ ᠦᠶ᠎ᠡ᠎ᠳᠤ᠂ ᠠᠶᠤᠯᠲᠠᠢ ᠬᠠᠶᠠᠭᠳᠠᠮᠠᠯ ᠪᠣᠳᠠᠰ᠎ᠢ 《ᠴᠡᠭ᠎ᠠᠴᠠ ᠴᠡᠭ᠎ᠲᠤ ᠬᠦᠷᠭᠡᠬᠦ》 ᠬᠠᠨᠳᠤᠯᠭ᠎ᠠ᠎ᠲᠠᠢ᠎ᠪᠠᠷ ᠠᠰᠢᠭᠯᠠᠬᠤ ᠵᠥᠪᠰᠢᠶᠡᠷᠡᠯ᠎ᠤᠨ ᠦᠨᠡᠮᠯᠡᠯ᠎ᠠᠴᠠ ᠬᠡᠯᠲᠦᠷᠢᠭᠦᠯᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃
      (ᠭᠤᠷᠪᠠ) ᠣᠷᠴᠢᠨ ᠲᠣᠭᠣᠷᠢᠨ᠎ᠤ ᠨᠥᠯᠥᠭᠡᠯᠡᠯ᠎ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠥᠷᠨᠢᠭᠦᠯᠦᠨ᠎ᠡ᠃ 《ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ (ᠬᠡᠰᠡᠭ ᠲᠣᠭᠣᠷᠢᠭ)᠎ᠤᠨ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠲᠤᠷᠠᠨ ᠬᠥᠳᠡᠯᠦᠯᠴᠡᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ》 (ᠥᠪᠥᠷ ᠣᠷᠴᠢᠨ ᠲᠣᠭᠣᠷᠢᠨ᠎ᠤ ᠠᠯᠪᠠᠨ [2024] 132 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠨᠥᠬᠥᠴᠡᠯ᠎ᠳᠤ ᠨᠡᠶ᠋ᠢᠴᠡᠬᠦ ᠲᠤᠷᠰᠢᠯᠲᠠ ᠵᠢᠨ ᠴᠡᠭ᠎ᠤᠨ ᠬᠦᠷᠢᠶᠡᠯᠡᠩ ᠲᠣᠭᠣᠷᠢᠭ᠂ ᠬᠣᠲᠠ ᠵᠢᠨ ᠵᠠᠮ᠂ ᠬᠣᠲᠠ ᠵᠢᠨ ᠬᠠᠮᠢᠶᠠᠷᠤᠯᠲᠠ ᠵᠢᠨ ᠲᠣᠣᠷ ᠵᠢᠴᠢ ᠬᠠᠮᠢᠶᠠᠷᠤᠯᠲᠠ ᠵᠢᠨ ᠬᠣᠩᠭᠢᠯ ᠵᠡᠷᠭᠡ 8 ᠲᠥᠷᠥᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠳᠠᠩᠰᠠᠯᠠᠯᠲᠠ ᠵᠢᠨ ᠬᠦᠰᠦᠨᠦᠭᠲᠦ ᠵᠢᠨ ᠲᠥᠷᠥᠯ ᠵᠦᠢ᠍ᠯ᠎ᠳᠤ ᠳᠠᠩᠰᠠᠯᠠᠭᠤᠯᠬᠤ ᠭᠠᠷᠳᠠᠮ᠎ᠢ ᠭᠦᠢ᠍ᠴᠡᠳᠬᠡᠬᠦ᠎ᠠᠴᠠ ᠬᠡᠯᠲᠦᠷᠢᠭᠦᠯᠦᠨ᠎ᠡ; ᠰᠢᠬᠢᠷ᠎ᠤᠨ ᠦᠢ᠍ᠯᠡᠰ᠂ ᠤᠰᠤᠨ ᠭᠠᠷᠤᠯᠲᠠ ᠵᠢ ᠡᠳ᠋ᠰᠢᠭᠦᠯᠬᠦ ᠵᠡᠷᠭᠡ 37 ᠳᠦᠷᠦᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠳᠦᠷᠦᠯ ᠵᠦᠢ᠍ᠯ᠎ᠳᠤ ᠣᠷᠴᠢᠨ ᠲᠣᠭᠣᠷᠢᠨ᠎ᠤ ᠨᠥᠯᠥᠭᠡᠯᠡᠯ᠎ᠤᠨ ᠬᠢᠨᠠᠨ ᠦᠨᠡᠯᠡᠯᠲᠡ ᠵᠢᠨ ᠵᠥᠪᠰᠢᠶᠡᠷᠡᠯ᠎ᠤᠨ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠦᠨ᠎ᠡ; ᠰᠦᠯᠢᠶᠥᠦ ᠪᠦᠲᠦᠭᠡᠭᠳᠡᠬᠦᠨ᠎ᠤ ᠦᠢ᠍ᠯᠡᠰ᠂ ᠨᠡᠢ᠌ᠳᠡᠮ ᠬᠡᠷᠡᠭᠯᠡᠭᠡᠨ᠎ᠤ ᠲᠥᠬᠦᠭᠡᠷᠦᠮᠵᠢ ᠦᠢ᠍ᠯᠡᠳᠬᠦ ᠦᠢ᠍ᠯᠡᠰ ᠵᠡᠷᠭᠡ 11 ᠲᠥᠷᠥᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠥᠷᠥᠯ ᠵᠦᠢ᠍ᠯ᠎ᠳᠤ᠂ ᠠᠳᠠᠯᠢ ᠲᠥᠷᠥᠯ᠎ᠤᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ 《ᠪᠣᠭᠣᠵᠢᠯᠠᠬᠤ》 ᠬᠢᠨᠠᠨ ᠵᠥᠪᠰᠢᠶᠡᠷᠡᠯ᠎ᠢ ᠬᠡᠷᠡᠭᠵᠢᠭᠦᠯᠦᠨ᠎ᠡ; ᠲᠠᠷᠢᠶᠠᠯᠠᠩ ᠬᠣᠯᠢᠰᠢᠨ ᠢᠳᠡᠭᠡᠨ᠎ᠢ ᠡᠳ᠋ᠰᠢᠭᠦᠯᠬᠦ ᠦᠢ᠍ᠯᠡᠰ᠂ ᠢᠳᠡᠭᠡᠨ ᠦᠢ᠍ᠯᠡᠳᠬᠦ ᠦᠢ᠍ᠯᠡᠰ ᠵᠡᠷᠭᠡ 12 ᠲᠥᠷᠥᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠥᠷᠥᠯ ᠵᠦᠢ᠍ᠯ᠎ᠳᠤ᠂ ᠲᠥᠷᠥᠯ ᠵᠦᠢ᠍ᠯ᠎ᠢ ᠡᠬᠢᠯᠡᠨ ᠪᠦᠲᠦᠭᠡᠨ ᠪᠠᠢ᠌ᠭᠤᠯᠬᠤ᠎ᠠᠴᠠ ᠡᠮᠦᠨ᠎ᠡ᠂ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠢᠭᠡᠳ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠭᠠᠷᠳᠠᠮ᠎ᠢ ᠵᠠᠯᠭ᠋ᠠᠭ᠎ᠠ᠎ᠪᠠᠷ ᠭᠦᠢ᠍ᠴᠡᠳᠬᠡᠨ᠎ᠡ᠃
      ᠬᠣᠶᠠᠷ᠂ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ
      (ᠳᠥᠷᠪᠡ) ᠵᠢᠵᠢᠭ ᠪᠢᠴᠢᠯ ᠲᠥᠷᠥᠯ ᠵᠦᠢ᠍ᠯ᠎ᠤᠨ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠵᠢ ᠳᠥᠭᠥᠮᠴᠢᠯᠡᠨ᠎ᠡ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠤᠷᠰᠢᠯᠲᠠ ᠵᠢᠨ ᠴᠡᠭ᠎ᠤᠨ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠽᠣᠲ᠎ᠤᠨ ᠢᠰᠦᠮᠡᠭ᠂ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠲᠠᠩ ᠵᠦᠢ᠍ᠯ᠎ᠤᠨ ᠰᠢᠨ᠎ᠡ᠎ᠪᠠᠷ ᠨᠡᠮᠡᠭᠳᠡᠬᠦ ᠵᠢᠯ᠎ᠤᠨ ᠭᠠᠳᠠᠭᠰᠢᠯᠠᠭᠤᠯᠬᠤ ᠬᠡᠮᠵᠢᠶ᠎ᠡ᠎ᠨᠢ 0.1 ᠲᠣᠨ᠎ᠠᠴᠠ ᠪᠠᠭ᠎ᠠ᠂ ᠰᠢᠪᠲᠦᠷᠲᠦ ᠠᠽᠣᠲ᠎ᠨᠢ 0.01 ᠲᠣᠨ᠎ᠠᠴᠠ ᠪᠠᠭ᠎ᠠ ᠪᠠᠶ᠋ᠢᠬᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠶᠡᠷᠦᠩᠬᠡᠢ ᠬᠡᠮᠵᠢᠶ᠎ᠡ ᠵᠢᠨ ᠭᠦᠢ᠍ᠴᠡᠳᠬᠡᠯ ᠲᠣᠭ᠎ᠠ ᠵᠢᠨ ᠢᠷᠡᠯᠲᠡ ᠵᠢᠨ ᠲᠣᠳᠣᠷᠬᠠᠢ᠌ᠯᠠᠯᠲᠠ ᠵᠢ ᠲᠤᠰᠢᠶᠠᠬᠤ᠎ᠠᠴᠠ ᠬᠡᠯᠲᠦᠷᠢᠭᠦᠯᠵᠦ᠂ ᠡᠯ᠎ᠡ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠶᠡᠷᠦᠩᠬᠡᠢ ᠬᠡᠮᠵᠢᠶ᠎ᠡ ᠵᠢᠨ ᠭᠦᠢ᠍ᠴᠡᠳᠬᠡᠯ ᠲᠣᠭ᠎ᠠ ᠵᠢᠨ ᠣᠷᠣᠯᠠᠬᠤ ᠢᠷᠡᠯᠲᠡ ᠵᠢ ᠨᠢᠭᠡᠳᠦᠯᠲᠡᠢ ᠲᠥᠯᠥᠪᠯᠡᠨ᠎ᠡ᠃
      (ᠲᠠᠪᠤ) ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠎ᠤᠨ ᠣᠷᠣᠨ ᠪᠦᠰᠡ ᠵᠢᠨ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠰᠡᠨ ᠪᠤᠶᠤ ᠵᠥᠪᠰᠢᠶᠡᠷᠡᠭᠦᠯᠦᠭᠰᠡᠨ ᠲᠥᠯᠦᠪᠵᠢᠭᠦᠯᠭᠡ ᠪᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠠᠬᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ᠂ ᠲᠤᠰᠬᠠᠢ ᠣᠷᠣᠨ ᠬᠣᠲᠠ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠳᠠᠯᠳᠠ ᠬᠦᠴᠦᠨ᠎ᠤ ᠣᠷᠣᠨ ᠵᠠᠢ ᠬᠢᠵᠠᠭ᠋ᠠᠷ᠎ᠲᠠᠢ᠎ᠠᠴᠠ ᠪᠣᠯᠵᠤ ᠶᠡᠷᠦᠩᠬᠡᠢ ᠬᠡᠮᠵᠢᠶ᠎ᠡ ᠵᠢᠨ ᠭᠦᠢ᠍ᠴᠡᠳᠬᠡᠯ ᠲᠣᠭ᠎ᠠ ᠬᠦᠷᠦᠯᠴᠡᠬᠦ ᠦᠭᠡᠢ ᠪᠣᠯᠤᠭᠰᠠᠨ ᠦᠶ᠎ᠡ᠎ᠳᠤ᠂ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠱᠠᠭ᠋ᠠᠷᠳᠠᠯᠭ᠎ᠠ ᠵᠢ ᠬᠠᠩᠭ᠋ᠠᠭᠰᠠᠨ ᠰᠠᠭᠤᠷᠢᠨ ᠳᠡᠭᠡᠷ᠎ᠡ᠂ ᠠᠶ᠋ᠢᠮᠠᠭ ᠬᠣᠲᠠ᠎ᠨᠢ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠣᠷᠣᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠮᠡᠳᠡᠭᠦᠯᠦᠨ ᠳᠠᠩᠰᠠᠯᠠᠭᠤᠯᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠠᠶ᠋ᠢᠮᠠᠭ ᠬᠣᠲᠠ ᠵᠢᠨ ᠭᠣᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠶᠡᠬᠡᠪᠡᠷ ᠬᠡᠷᠡᠭᠵᠢᠭᠦᠯᠬᠦ ᠵᠢ ᠳᠡᠮᠵᠢᠵᠦ᠂ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠳᠠᠯᠳᠠ ᠬᠦᠴᠦᠨ᠎ᠢ ᠭᠦᠨ ᠠᠭᠤᠳᠠᠯᠵᠤ᠂ ᠠᠶ᠋ᠢᠮᠠᠭ ᠬᠣᠲᠠ ᠵᠢ ᠵᠢᠯᠣᠭᠣᠳᠤᠨ ᠭᠣᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠎ᠤᠨ ᠡᠬᠡ ᠲᠠᠩᠰᠠ ᠪᠠᠢ᠌ᠭᠤᠯᠵᠤ᠂ ᠣᠷᠴᠢᠨ ᠲᠣᠭᠣᠷᠢᠨ᠎ᠤ ᠨᠥᠯᠥᠭᠡᠯᠡᠯ᠎ᠢ ᠬᠢᠨᠠᠨ ᠵᠥᠪᠰᠢᠶᠡᠷᠡᠬᠦ ᠶᠠᠪᠤᠴᠠ᠎ᠳᠤ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠪᠠ ᠣᠷᠣᠨ ᠪᠦᠰᠡ ᠵᠢᠨ ᠪᠠᠭ᠋ᠠᠰᠬᠠᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ᠂ ᠶᠡᠷᠦᠩᠬᠡᠢ ᠬᠡᠮᠵᠢᠶ᠎ᠡ ᠵᠢᠨ ᠭᠦᠢ᠍ᠴᠡᠳᠬᠡᠯ ᠲᠣᠭ᠎ᠠ ᠪᠠ ᠣᠷᠣᠨ ᠪᠦᠰᠡ ᠵᠢᠨ ᠪᠠᠭ᠋ᠠᠰᠬᠠᠬᠤ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠯᠡᠨ᠂ ᠴᠢᠬᠤᠯᠠ ᠶᠡᠬᠡ ᠲᠥᠷᠥᠯ ᠵᠦᠢ᠍ᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃
      ᠭᠤᠷᠪᠠ᠂ ᠬᠢᠨᠠᠨ ᠵᠥᠪᠰᠢᠶᠡᠷᠡᠬᠦ ᠵᠦᠢ᠍ᠯ᠎ᠤᠨ ᠬᠦᠴᠦᠨ ᠵᠦᠢ᠍ᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ
      (ᠵᠢᠷᠭᠤᠭ᠎ᠠ) ᠴᠢᠬᠤᠯᠠ ᠶᠡᠬᠡ ᠲᠥᠷᠥᠯ ᠵᠦᠢ᠍ᠯ᠎ᠤᠨ ᠭᠤᠷᠪᠠᠨ ᠱᠠᠲᠤ᠎ᠪᠠᠷ ᠳᠠᠭ᠋ᠠᠭ᠋ᠠᠴᠢᠯᠠᠨ ᠬᠣᠯᠪᠣᠭ᠋ᠠᠯᠠᠬᠤ ᠲᠣᠭᠲᠠᠴᠠ ᠵᠢ ᠨᠠᠢ᠌ᠳᠠᠪᠤᠷᠢᠵᠢᠭᠤᠯᠤᠨ᠎ᠠ᠃ 《ᠨᠠᠷᠢᠨ ᠲᠠᠩᠰᠠ ᠵᠢᠨ ᠳᠦᠷᠢᠮ + ᠬᠠᠷᠢᠭᠤᠴᠠᠯᠭ᠎ᠠ ᠵᠢᠨ ᠳᠦᠷᠢᠮ》᠎ᠤᠨ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠲᠢᠩᠬᠢᠮ᠎ᠤᠨ ᠬᠣᠭᠤᠷᠤᠨᠳᠤᠬᠢ ᠬᠠᠮᠲᠤᠷᠠᠭᠰᠠᠨ ᠬᠤᠷᠠᠯ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠪᠠᠶ᠋ᠢᠭ᠋ᠠᠯᠢ ᠵᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠲᠥᠷᠥᠯ ᠵᠦᠢ᠍ᠯ᠎ᠢ ᠲᠥᠯᠥᠪᠵᠢᠭᠦᠯᠬᠦ ᠪᠠ ᠣᠷᠴᠢᠨ ᠲᠣᠭᠣᠷᠢᠨ᠎ᠤ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠬᠤ ᠡᠬᠢᠨ᠎ᠤ ᠬᠤᠭᠤᠴᠠᠭ᠋ᠠᠨ᠎ᠳᠤ ᠤᠷᠢᠳᠴᠢᠯᠠᠨ ᠣᠷᠣᠯᠴᠠᠬᠤ ᠬᠡᠷᠡᠭᠲᠡᠶ᠃ 《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠺᠠᠷᠲ》᠎ᠤᠨ ᠦᠢ᠍ᠯᠡᠳᠦᠯ᠎ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠠᠷᠢᠭᠤᠴᠠᠬᠤ᠎ᠳᠤ᠂ ᠲᠤᠰᠬᠠᠢ ᠬᠥᠮᠥᠨ ᠵᠢᠭ᠋ᠠᠨ ᠲᠣᠭᠲᠠᠭ᠋ᠠᠵᠤ ᠪᠥᠬᠥ ᠬᠢᠨᠠᠨ ᠵᠥᠪᠰᠢᠶᠡᠷᠡᠬᠦ ᠬᠡᠯᠬᠢᠶᠡᠰᠦ ᠵᠢᠨ ᠮᠥᠷᠳᠡᠨ ᠦᠢ᠍ᠯᠡᠴᠢᠯᠡᠬᠦ ᠵᠢ ᠬᠠᠷᠢᠭᠤᠴᠠᠭᠤᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠬᠠᠷᠢᠭᠤᠴᠠᠵᠤ ᠪᠠᠢ᠌ᠭ᠎ᠠ ᠬᠢᠨᠠᠨ ᠵᠥᠪᠰᠢᠶᠡᠷᠡᠬᠦ ᠵᠦᠢ᠍ᠯᠡᠰ᠎ᠲᠤ᠂ ᠭᠠᠵᠠᠷ᠎ᠤᠨ ᠲᠡᠰ᠎ᠤᠨ ᠺᠠᠳ᠋ᠷ᠎ᠢ ᠵᠢᠭ᠋ᠠᠨ ᠲᠣᠭᠲᠠᠭ᠋ᠠᠵᠤ ᠳᠡᠭᠡᠭᠰᠢ ᠵᠣᠯᠭ᠋ᠠᠭᠤᠯᠤᠨ ᠨᠡᠪᠲᠡᠷᠡᠯᠴᠡᠭᠦᠯᠬᠦ ᠵᠢ ᠬᠠᠷᠢᠭᠤᠴᠠᠭᠤᠯᠵᠤ᠂ ᠵᠣᠬᠢᠴᠠᠭᠤᠯᠤᠨ ᠦᠢ᠍ᠯᠡᠴᠢᠯᠡᠬᠦ ᠵᠢ ᠰᠠᠶ᠋ᠢᠲᠤᠷ ᠬᠢᠨ᠎ᠡ᠃ ᠲᠢᠩᠬᠢᠮ᠎ᠤᠨ ᠡᠭᠦᠳᠡᠨ ᠰᠦᠯᠵᠢᠶᠡᠨ ᠳᠡᠭᠡᠷ᠎ᠡ ᠣᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠨᠢᠭᠡᠴᠢ ᠵᠢᠨ ᠰᠢᠯᠭ᠋ᠠᠨ ᠬᠢᠨᠠᠭᠰᠠᠨ ᠦᠷ᠎ᠡ ᠳ᠋ᠦᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠨᠢᠭᠡᠴᠢ ᠵᠢᠨ ᠰᠢᠯᠢᠳᠡᠭ᠎ᠢ᠎ᠨᠢ ᠰᠣᠩᠭᠣᠭᠤᠯᠤᠨ᠎ᠠ᠃
      (ᠲᠤᠯᠤᠭ᠎ᠠ) ᠠᠮᠢ ᠠᠬᠤᠢ ᠣᠷᠴᠢᠨ ᠲᠣᠭᠣᠷᠢᠨ᠎ᠤ ᠣᠷᠣᠨ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠣᠷᠣᠨ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠦᠷ᠎ᠡ ᠪᠦᠲᠦᠭᠡᠯ᠎ᠤᠨ ᠲᠣᠭ᠋ᠠᠵᠢᠭᠤᠯᠬᠤ ᠬᠠᠮᠢᠶᠠᠷᠤᠯᠲᠠ ᠵᠢ ᠲᠦᠷᠭᠡᠳᠬᠡᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠣᠷᠣᠨ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ᠂ ᠨᠡᠭᠡᠭᠡᠨ ᠬᠥᠭᠵᠢᠭᠦᠯᠬᠦ ᠣᠷᠴᠢᠨ ᠲᠣᠭᠣᠷᠢᠨ᠎ᠤ ᠵᠥᠪᠰᠢᠶᠡᠷᠡᠨ ᠣᠷᠣᠭᠤᠯᠬᠤ ᠵᠢ ᠰᠤᠳᠤᠯᠤᠨ ᠮᠠᠭ᠋ᠠᠳᠯᠠᠬᠤ᠂ ᠭᠠᠵᠠᠷ ᠰᠣᠩᠭᠣᠬᠤ ᠱᠤᠭᠤᠮ ᠰᠣᠩᠭᠣᠬᠤ ᠣᠷᠴᠢᠨ ᠲᠣᠭᠣᠷᠢᠨ᠎ᠤ ᠵᠦᠢ ᠵᠣᠬᠢᠰᠲᠠᠢ ᠴᠢᠨᠠᠷ᠎ᠢ ᠵᠠᠳᠠᠯᠬᠤ ᠵᠡᠷᠭᠡ ᠴᠢᠳᠠᠮᠵᠢ ᠵᠢ ᠴᠢᠩᠭ᠋ᠠᠳᠬᠠᠵᠤ᠂ ᠴᠢᠬᠤᠯᠠ ᠶᠡᠬᠡ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ ᠲᠥᠷᠥᠯ ᠵᠦᠢ᠍ᠯ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠡᠷᠭᠡ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠳᠤᠷᠠᠳᠤᠨ᠎ᠠ᠃ ᠮᠡᠳᠡᠭᠡ ᠵᠠᠩᠭᠢ ᠵᠢᠨ ᠲᠠᠪᠴᠠᠩ᠎ᠤᠨ ᠰᠦᠯᠵᠢᠶᠡᠨ᠎ᠤ ᠨᠢᠭᠤᠷ᠎ᠤᠨ ᠦᠵᠦᠭᠦᠷ᠂ ᠰᠢᠯᠵᠢᠮᠡᠯ ᠦᠵᠦᠭᠦᠷ᠎ᠢ ᠨᠡᠭᠡᠭᠡᠨ ᠬᠥᠭᠵᠢᠭᠦᠯᠵᠦ᠂ ᠠᠵᠤ ᠠᠬᠤᠢ᠌ᠯᠠᠯ᠂ ᠤᠯᠠᠨ ᠨᠠᠢ᠌ᠳᠠ ᠪᠠ ᠭᠤᠷᠪᠠᠳᠠᠭᠢ ᠡᠲᠡᠭᠡᠳ᠎ᠤᠨ ᠮᠡᠷᠭᠡᠵᠢᠯ᠎ᠤᠨ ᠪᠠᠢ᠌ᠭᠤᠯᠤᠮᠵᠢ᠎ᠳᠤ ᠬᠠᠨᠳᠤᠭᠤᠯᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠭᠣᠷᠢᠭ᠎ᠤᠨ ᠬᠠᠮᠢᠶᠠᠷᠤᠨ ᠡᠵᠡᠮᠳᠡᠬᠦ ᠬᠠᠮᠢᠶ᠎ᠠ ᠪᠦᠬᠦᠢ ᠦᠷ᠎ᠡ ᠪᠦᠲᠦᠭᠡᠯ᠎ᠢ ᠬᠠᠮᠲᠤᠪᠠᠷ ᠡᠳ᠋ᠯᠡᠨ᠎ᠡ᠃
      (ᠨᠠᠢ᠍ᠮᠠ) ᠴᠣᠮᠬᠠᠳᠬᠠᠬᠤ᠎ᠠᠴᠠ ᠡᠮᠦᠨᠡᠬᠢ ᠴᠢᠬᠤᠯᠠ ᠨᠥᠬᠥᠴᠡᠯ ᠵᠢᠴᠢ ᠬᠢᠨᠠᠨ ᠪᠠᠢ᠌ᠴᠠᠭ᠋ᠠᠬᠤ ᠭᠣᠭᠴᠣᠭ᠎ᠠ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠬᠠᠮᠲᠤᠷᠠᠨ ᠬᠢᠨᠠᠨ ᠵᠥᠪᠰᠢᠶᠡᠷᠡᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠲᠥᠷᠥᠯ ᠵᠦᠢ᠍ᠯ᠎ᠢ ᠬᠢᠨᠠᠨ ᠪᠠᠢ᠌ᠴᠠᠭ᠋ᠠᠬᠤ ᠶᠠᠪᠤᠴᠠ᠎ᠳᠤ᠂ ᠣᠷᠴᠢᠨ ᠲᠣᠭᠣᠷᠢᠨ᠎ᠤ ᠰᠡᠷᠭᠡᠭ ᠣᠷᠣᠨ ᠪᠦᠰᠡ᠎ᠳᠤ ᠬᠣᠯᠪᠣᠭᠳᠠᠬᠤ ᠲᠥᠷᠥᠯ ᠵᠦᠢ᠍ᠯ᠎ᠳᠤ᠂ ᠴᠢᠬᠤᠯᠠ᠎ᠲᠠᠢ ᠪᠣᠯ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠰᠠᠨᠠᠯ ᠬᠤᠷᠢᠶᠠᠬᠤ ᠬᠡᠷᠡᠭᠲᠡᠶ᠃ ᠬᠢᠨᠠᠨ ᠵᠥᠪᠰᠢᠶᠡᠷᠡᠬᠦ ᠵᠦᠢ᠍ᠯᠡᠰ ᠬᠢᠭᠡᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠤᠶᠠᠯᠳᠤᠯ᠎ᠢ ᠴᠢᠩᠭ᠋ᠠᠷᠠᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠤᠨ ᠵᠢᠷᠤᠮᠵᠢᠭᠰᠠᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠦᠨ᠂ ᠬᠣᠷᠢᠶᠠᠨ ᠴᠤᠭᠯᠠᠭᠤᠯᠬᠤ᠂ ᠬᠠᠳᠠᠭ᠋ᠠᠯᠠᠬᠤ ᠲᠥᠷᠥᠯ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠰᠣᠯᠢᠵᠤ ᠣᠯᠭᠣᠭᠰᠠᠨ ᠪᠠᠢ᠌ᠪᠠᠯ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠬᠤᠭᠤᠴᠠᠭ᠋ᠠᠨ᠎ᠳᠠᠬᠢ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠵᠢᠷᠤᠮᠵᠢᠭᠰᠠᠨ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠡᠷ ᠦᠨᠳᠦᠰᠦᠯᠡᠯ ᠪᠣᠯᠭ᠋ᠠᠵᠤ᠂ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠪᠠᠷᠢᠮᠵᠢᠶ᠎ᠠ᠎ᠳᠤ ᠬᠦᠷᠦᠭᠰᠡᠨ ᠪᠠᠢ᠌ᠪᠠᠯ ᠦᠨᠡᠮᠯᠡᠯ ᠰᠣᠯᠢᠬᠤ ᠮᠡᠷᠭᠡᠵᠢᠯ᠎ᠤᠨ ᠬᠢᠨᠠᠨ ᠬᠠᠷᠭᠤᠭᠤᠯᠬᠤ ᠭᠣᠭᠴᠣᠭ᠎ᠠ ᠵᠢ ᠬᠦᠴᠦᠨ ᠦᠭᠡᠢ ᠪᠣᠯᠭ᠋ᠠᠬᠤ ᠬᠡᠷᠡᠭᠲᠡᠶ᠃ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠦᠨᠳᠦᠰᠦᠨ᠎ᠳᠡᠭᠡᠨ ᠪᠠᠷᠢᠮᠵᠢᠶ᠎ᠠ᠎ᠳᠤ ᠬᠦᠷᠦᠭᠰᠡᠨ ᠵᠢᠴᠢ ᠪᠠᠷᠢᠮᠵᠢᠶ᠎ᠠ᠎ᠳᠤ ᠬᠦᠷᠦᠭᠰᠡᠨ ᠦᠭᠡᠢ ᠪᠠᠢ᠌ᠪᠠᠯ᠂ ᠴᠡᠭᠴᠡᠯᠡᠨ ᠰᠠᠢ᠌ᠵᠢᠷᠠᠭᠤᠯᠵᠤ ᠳᠠᠭᠤᠰᠤᠭᠰᠠᠨ᠎ᠤ ᠳᠠᠷᠠᠭ᠎ᠠ᠂ ᠪᠠᠢ᠌ᠭ᠎ᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠨᠢ ᠴᠡᠭᠴᠡᠯᠡᠨ ᠰᠠᠢ᠌ᠵᠢᠷᠠᠭᠤᠯᠵᠤ ᠪᠠᠷᠢᠮᠵᠢᠶ᠎ᠠ᠎ᠳᠤ ᠬᠦᠷᠭᠡᠬᠦ ᠰᠠᠨᠠᠯ ᠭᠠᠷᠭ᠋ᠠᠭᠰᠠᠨ ᠪᠠᠢ᠌ᠪᠠᠯ᠂ ᠠᠶᠤᠯᠲᠠᠢ ᠬᠠᠶᠠᠭᠳᠠᠮᠠᠯ ᠪᠣᠳᠠᠰ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠰᠣᠯᠢᠵᠤ ᠣᠯᠭᠣᠨ᠎ᠠ᠃
      (ᠶᠢᠰᠦ) ᠬᠢᠨᠠᠨ ᠵᠥᠪᠰᠢᠶᠡᠷᠡᠬᠦ ᠵᠦᠢ᠍ᠯᠡᠰ᠎ᠢ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠦᠨ᠎ᠡ᠃ 《ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢ ᠨᠢᠭᠡᠳᠦᠯᠲᠡᠢ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠰᠢᠰᠲ᠋ᠧᠮ》 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ》᠎ᠢ ᠪᠦᠷᠢᠨ ᠪᠦᠷᠬᠦᠭᠦᠯᠬᠦ ᠵᠢ ᠠᠬᠢᠭᠤᠯᠵᠤ᠂ ᠬᠢᠨᠠᠨ ᠵᠥᠪᠰᠢᠶᠡᠷᠡᠬᠦ ᠵᠦᠢ᠍ᠯᠡᠰ᠎ᠤᠨ ᠪᠥᠬᠥ ᠶᠠᠪᠤᠴᠠ ᠵᠢ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠡᠷᠡᠭᠵᠢᠭᠦᠯᠬᠦ ᠨᠠᠷᠢᠨ ᠲᠠᠩᠰᠠ ᠵᠢᠨ ᠪᠠᠷᠢᠮᠵᠢᠶᠠᠵᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠵᠤ᠂ ᠭᠥᠯᠢᠶᠡᠨ ᠠᠪᠴᠤ ᠰᠢᠢ᠍ᠳᠪᠦᠷᠢᠯᠡᠬᠦ ᠨᠥᠬᠥᠴᠡᠯ᠂ ᠦᠢ᠍ᠯᠡᠴᠢᠯᠡᠬᠦ ᠡᠲᠡᠭᠡᠳ᠂ ᠭᠦᠢ᠍ᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ᠎ᠪᠠᠷ ᠲᠣᠭᠲᠠᠭ᠋ᠠᠭᠰᠠᠨ ᠭᠦᠢ᠍ᠴᠡᠳᠬᠡᠬᠦ ᠴᠠᠭ ᠬᠢᠵᠠᠭ᠋ᠠᠷ᠂ ᠭᠦᠢ᠍ᠴᠡᠳᠬᠡᠭᠰᠡᠨ ᠦᠷ᠎ᠡ ᠳ᠋ᠦᠩ ᠵᠡᠷᠭᠡ ᠵᠢ ᠪᠥᠬᠥ ᠣᠷᠣᠨ᠎ᠤ ᠬᠡᠪᠴᠢᠶᠡᠨ᠎ᠳᠤ ᠨᠢᠭᠡᠳᠦᠯᠲᠡᠢ ᠪᠠᠢ᠌ᠯᠭ᠋ᠠᠬᠤ ᠵᠢ ᠦᠨᠡᠨ ᠬᠦ᠌ ᠪᠠᠲᠤᠯᠠᠵᠤ᠂ ᠮᠡᠳᠡᠭᠡ ᠵᠠᠩᠬᠢᠢ᠍ᠴᠯᠠᠯᠳᠠ ᠵᠢᠨ ᠠᠷᠭ᠎ᠠ ᠪᠠᠷᠢᠯ᠎ᠢ ᠠᠰᠢᠭᠯᠠᠨ ᠭᠦᠢ᠍ᠴᠡᠳᠬᠡᠬᠦ ᠦᠷ᠎ᠡ ᠪᠦᠲᠦᠮᠵᠢ ᠪᠠ ᠰᠦᠯᠵᠢᠶ᠎ᠡ᠎ᠪᠠᠷ ᠭᠦᠢ᠍ᠴᠡᠳᠬᠡᠬᠦ ᠭᠦᠨᠴᠡ ᠵᠢ ᠳᠡᠭᠡᠭᠰᠢᠯᠡᠭᠦᠯᠦᠨ᠂ ᠦᠢ᠍ᠯᠡᠴᠢᠯᠡᠭᠡ ᠵᠢ ᠨᠠᠩ ᠳᠥᠭᠥᠮ ᠳᠥᠲᠡ᠂ ᠠᠵᠢᠯ ᠶᠠᠪᠤᠳᠠᠯ ᠭᠦᠢ᠍ᠴᠡᠳᠬᠡᠬᠦ ᠵᠢ ᠨᠠᠩ ᠥᠨᠳᠥᠷ ᠦᠷ᠎ᠡ ᠪᠦᠲᠦᠮᠵᠢ᠎ᠲᠠᠢ ᠪᠣᠯᠭ᠋ᠠᠨ᠎ᠠ᠃
      ᠳᠥᠷᠪᠡ᠂ ᠬᠢᠨᠠᠨ ᠵᠥᠪᠰᠢᠶᠡᠷᠡᠭᠰᠡᠨ᠎ᠤ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ
      (ᠠᠷᠪᠠ) ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠴᠢᠩᠭ᠋ᠠᠳᠬᠠᠨ᠎ᠠ᠃ ᠪᠠᠢ᠌ᠴᠠᠭ᠋ᠠᠨ ᠰᠤᠳᠤᠯᠵᠤ ᠬᠠᠪᠰᠤᠷᠤᠨ ᠲᠡᠳᠬᠦᠬᠦ ᠪᠠ 《ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ》 ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠰᠬᠠᠢ ᠮᠡᠷᠭᠡᠵᠢᠯᠲᠡᠨ᠎ᠤ ᠪᠦᠯᠬᠦᠮ ᠨᠠᠢ᠌ᠳᠠ ᠵᠢ ᠪᠠᠢ᠌ᠭᠤᠯᠵᠤ᠂ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢ᠎ᠳᠤᠨᠢ ᠵᠢᠯᠣᠭᠣᠳᠤᠨ ᠬᠠᠪᠰᠤᠷᠴᠤ ᠰᠢᠢ᠍ᠳᠪᠦᠷᠢᠯᠡᠨ᠎ᠡ᠃ ᠲᠤᠬᠠᠢ᠌ᠯᠠᠭᠰᠠᠨ ᠠᠵᠢᠯ᠎ᠤᠨ ᠰᠤᠷᠤᠯᠴᠠᠯᠭ᠎ᠠ ᠪᠠ ᠪᠣᠯᠪᠠᠰᠤᠷᠠᠯ ᠰᠣᠯᠢᠯᠴᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ᠂ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠬᠠᠮᠤᠭ᠎ᠤᠨ ᠰᠢᠨ᠎ᠡ ᠠᠮᠢ ᠠᠬᠤᠢ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ᠂ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠴᠠᠭ ᠲᠤᠬᠠᠢ᠎ᠳᠤᠨᠢ ᠡᠵᠡᠮᠰᠢᠭᠦᠯᠬᠦ ᠬᠡᠷᠡᠭᠲᠡᠶ᠃
      (ᠠᠷᠪᠠᠨ ᠨᠢᠭᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠬᠤ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ᠃ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠣᠷᠣᠨ ᠲᠣᠭ᠎ᠠ ᠵᠢᠨ ᠪᠠᠢ᠌ᠭᠤᠯᠤᠮᠵᠢ ᠵᠢᠨ ᠵᠢᠷᠤᠮᠵᠢᠯ᠎ᠲᠠᠢ ᠠᠵᠢᠯ ᠡᠷᠭᠢᠯᠡᠬᠦ ᠵᠢ ᠠᠬᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠨᠳᠤᠯᠭ᠋ᠠᠲᠤ ᠴᠢᠨᠠᠷᠲᠠᠢ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠣᠷᠣᠨ ᠲᠣᠭ᠎ᠠ ᠵᠢᠨ ᠠᠵᠢᠯᠲᠠᠨ᠎ᠤ ᠮᠡᠷᠭᠡᠵᠢᠯ᠎ᠤᠨ ᠴᠢᠳᠠᠪᠤᠷᠢ ᠵᠢᠴᠢ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠣᠷᠣᠨ ᠲᠣᠭ᠎ᠠ ᠵᠢᠨ ᠪᠠᠢ᠌ᠭᠤᠯᠤᠮᠵᠢ ᠵᠢᠨ ᠴᠢᠨᠠᠷ ᠴᠢᠨᠰᠠᠭ᠎ᠠ ᠵᠢ ᠡᠵᠡᠮᠳᠡᠬᠦ ᠬᠢᠷᠢ ᠲᠦᠪᠰᠢᠨ᠎ᠢ ᠦᠷᠬᠦᠯᠵᠢᠯᠡᠨ ᠲᠡᠭᠡᠭᠰᠢᠯᠡᠡᠬᠦᠯᠦᠨ᠎ᠡ᠃ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠤᠨ ᠮᠡᠷᠭᠡᠵᠢᠯ᠎ᠤᠨ ᠳᠠᠬᠢᠨ ᠬᠢᠨᠠᠬᠤ᠂ ᠰᠠᠴᠤᠷᠠᠭ᠎ᠤᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ᠂ ᠠᠶᠤᠯᠲᠠᠢ ᠬᠠᠶᠠᠭᠳᠠᠮᠠᠯ ᠪᠣᠳᠠᠰ᠎ᠤᠨ ᠵᠢᠷᠤᠮᠵᠢᠭᠰᠠᠨ ᠣᠷᠴᠢᠨ ᠲᠣᠭᠣᠷᠢᠨ᠎ᠤ ᠬᠠᠮᠢᠶᠠᠷᠤᠯᠲᠠ ᠵᠢ ᠦᠨᠡᠯᠡᠨ ᠵᠢᠱ᠌ᠢᠬᠦ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠵᠢ ᠬᠢᠨᠠᠨ ᠵᠥᠪᠰᠢᠶᠡᠷᠡᠭᠰᠡᠨ ᠪᠠᠶ᠋ᠢᠳᠠᠯ᠎ᠢ ᠰᠤᠭᠤᠴᠢᠨ ᠪᠠᠢ᠌ᠴᠠᠭ᠋ᠠᠵᠤ ᠬᠠᠷᠭᠤᠭᠤᠯᠤᠨ ᠪᠠᠢ᠌ᠴᠠᠭ᠋ᠠᠬᠤ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ ᠡᠷᠭᠢᠯᠡᠬᠦ ᠦᠢ᠍ᠯᠡ ᠠᠵᠢᠯᠯᠠᠭ᠎ᠠ ᠵᠢ ᠲᠠᠰᠤᠷᠠᠯᠲᠠ ᠦᠭᠡᠢ ᠵᠢᠷᠤᠮᠵᠢᠭᠤᠯᠤᠨ᠂ ᠵᠠᠯᠭ᠋ᠠᠨ ᠵᠣᠯᠭ᠋ᠠᠭᠤᠯᠬᠤ ᠵᠦᠢ᠍ᠯᠡᠰ᠎ᠢ ᠦᠨᠳᠦᠰᠦᠨ ᠱᠠᠲᠤᠨ᠎ᠤ ᠴᠢᠳᠠᠪᠤᠷᠢ᠎ᠯᠤᠭ᠎ᠠ ᠬᠠᠷᠢᠯᠴᠠᠨ ᠲᠣᠬᠢᠷᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号