ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2025 ᠣᠨ᠎ᠤ ᠳᠣᠣᠷ᠎ᠠ ᠬᠠᠭᠠᠰ ᠵᠢᠯ᠎ᠦᠨ ᠰᠠᠭᠠᠳ ᠦᠭᠡᠢ ᠨᠡᠪᠲᠡᠷᠡᠬᠦ ᠵᠠᠮ᠎ᠢᠶᠠᠷ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠣᠷᠣᠯᠴᠠᠬᠤ᠎ᠪᠠᠷ ᠭᠤᠶᠤᠴᠢᠯᠠᠭᠰᠠᠳ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-08

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ 《2025 ᠣᠨ᠎ᠤ ᠪᠥᠬᠥ ᠣᠷᠣᠨ᠎ᠤ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 ( ᠥᠪᠥᠷ ᠬᠥᠮᠥᠨ ᠨᠡᠢᠭᠡᠮ᠎ᠦᠨ ᠠᠯᠪᠠᠨ ᠲᠠᠷᠬᠠᠭᠠᠭᠰᠠᠨ [ 2025 ] 87 ᠳ᠋ᠤᠭᠠᠷ ᠲᠣᠭᠠᠲᠤ ) ᠵᠢᠴᠢ 《 2025 ᠣᠨ᠎ᠤ ᠥᠪᠡᠷᠲᠡᠭᠡᠨ ᠵᠠᠰᠠᠬᠤ ᠣᠷᠣᠨ᠎ᠤ ᠰᠠᠭᠠᠳ ᠦᠭᠡᠢ ᠨᠡᠪᠲᠡᠷᠡᠬᠦ ᠵᠠᠮ᠎ᠢᠶᠠᠷ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ᠎ᠪᠠᠷ ᠮᠡᠳᠡᠭᠦᠯᠬᠦ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ 》 ( ᠥᠪᠥᠷ ᠬᠥᠮᠥᠨ ᠨᠡᠢᠭᠡᠮ᠎ᠦᠨ ᠠᠯᠪᠠᠨ ᠲᠠᠷᠬᠠᠭᠠᠭᠰᠠᠨ [ 2025 ] 92 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠦᠨᠳᠦᠰᠦᠯᠡᠨ ᠂ ᠡᠳᠦᠭᠡ ᠲᠢᠩᠬᠢᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ 2025 ᠣᠨ᠎ᠤ ᠳᠣᠣᠷ᠎ᠠ ᠬᠠᠭᠠᠰ ᠵᠢᠯ᠎ᠦᠨ ᠰᠠᠭᠠᠳ ᠦᠭᠡᠢ ᠨᠡᠪᠲᠡᠷᠡᠬᠦ ᠵᠠᠮ᠎ᠢᠶᠠᠷ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠣᠷᠣᠯᠴᠠᠬᠤ᠎ᠪᠠᠷ ᠭᠤᠶᠤᠴᠢᠯᠠᠭᠰᠠᠳ᠎ᠢ ᠢᠯᠡ ᠨᠡᠢᠲᠡᠯᠡᠨ᠎ᠡ᠃
      ᠨᠢᠭᠡ ᠂ ᠰᠠᠭᠠᠳ ᠦᠭᠡᠢ ᠨᠡᠪᠲᠡᠷᠡᠬᠦ ᠵᠠᠮ᠎ᠢᠶᠠᠷ ᠮᠡᠷᠭᠡᠵᠢᠯ᠎ᠦᠨ ᠴᠣᠯᠠ ᠰᠢᠯᠭᠠᠷᠠᠭᠤᠯᠬᠤ᠎ᠳᠤ ᠣᠷᠣᠯᠴᠠᠬᠤ᠎ᠪᠠᠷ ᠭᠤᠶᠤᠴᠢᠯᠠᠭᠰᠠᠳ
      ᠢᠦᠢ ᠰᠢᠶᠣᠣ ᠸᠸᠨ᠂ ᠡᠮᠡᠭᠲᠡᠢ᠂ ᠮᠣᠩᠭᠣᠯ ᠦᠨᠳᠦᠰᠦᠲᠡᠨ᠂ 1991 ᠣᠨ᠎ᠤ 11 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠠᠬᠤᠢ᠎ᠶᠢᠨ ᠤᠬᠠᠭᠠᠨ᠎ᠤ ᠲᠤᠰᠬᠠᠢ ᠮᠡᠷᠭᠡᠵᠢᠯ᠎ᠦᠨ ᠠᠰᠫᠢᠷᠠᠨᠲ ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ᠎ᠶᠢᠨ ᠲᠤᠰᠬᠠᠢ ᠮᠡᠷᠭᠡᠵᠢᠯ᠎ᠦᠨ ᠠᠵᠢᠯᠲᠠᠨ ᠂ ᠰᠠᠭᠠᠳ ᠦᠭᠡᠢ ᠨᠡᠪᠲᠡᠷᠡᠬᠦ ᠵᠠᠮ᠎ᠢᠶᠠᠷ ᠳᠡᠭᠡᠳᠦ ᠵᠡᠷᠭᠡ᠎ᠶᠢᠨ ᠢᠨᠵᠧᠨᠧᠷ᠎ᠢᠶᠡᠷ ᠬᠢᠨᠠᠨ ᠲᠣᠭᠲᠠᠭᠠᠬᠤ᠎ᠪᠠᠷ ᠭᠤᠶᠤᠴᠢᠯᠠᠨ ᠮᠡᠳᠡᠭᠦᠯᠪᠡ᠃
      ᠬᠣᠶᠠᠷ᠂ ᠢᠯᠡ ᠨᠡᠢᠲᠡᠯᠡᠬᠦ ᠴᠠᠭ
      ᠢᠯᠡ ᠨᠡᠢᠲᠡᠯᠡᠬᠦ ᠴᠠᠭ ᠨᠢ 5 ᠠᠵᠢᠯᠯᠠᠬᠤ ᠡᠳᠦᠷ ( 2025 ᠣᠨ᠎ᠤ 10 ᠰᠠᠷ᠎ᠠ᠎ᠶᠢᠨ 24᠎ᠦ ᠡᠳᠦᠷ᠎ᠡᠴᠡ 10 ᠰᠠᠷ᠎ᠠ᠎ᠶᠢᠨ 30᠎ᠤ ᠡᠳᠦᠷ ᠪᠣᠯᠲᠠᠯ᠎ᠠ ) ᠪᠣᠯᠣᠨ᠎ᠠ᠃
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ᠎ᠪᠡᠷ ᠨᠡᠢᠲᠡᠯᠡᠭᠰᠡᠨ ᠨᠢᠭᠡᠴᠢ᠎ᠶᠢᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ ᠂ ᠠᠰᠠᠭᠤᠳᠠᠯ᠎ᠢ ᠲᠤᠰᠬᠠᠬᠤ ᠦᠶ᠎ᠡ᠎ᠳᠦ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ᠃
      ᠢᠯᠡ ᠨᠡᠢᠲᠡᠯᠡᠬᠦ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠠᠰᠠᠷ᠎ᠤᠨ 1103 ᠳ᠋ᠤᠭᠠᠷ ᠥᠷᠥᠭᠡ᠎ᠳᠦ ᠲᠣᠬᠢᠷᠠᠭᠤᠯᠪᠠ᠃
      ᠬᠦᠯᠢᠶᠡᠨ ᠠᠪᠬᠤ ᠴᠠᠭ᠄ ᠠᠵᠢᠯ᠎ᠤᠨ ᠡᠳᠦᠷ᠎ᠦᠨ ᠦᠳᠡ᠎ᠶᠢᠨ ᠡᠮᠦᠨᠡᠬᠢ 9 ᠄ 00 ︱ 12 ᠄ 00
      ᠦᠳᠡ᠎ᠶᠢᠨ ᠬᠣᠢᠨᠠᠬᠢ 13 ᠄ 30 ︱ 17 ᠄ 00
      ᠬᠦᠯᠢᠶᠡᠨ ᠠᠪᠬᠤ ᠤᠲᠠᠰᠤ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠣᠷᠴᠢᠨ ᠲᠣᠭᠣᠷᠢᠨ᠎ᠤ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ ᠄ 0471 ︱ 4632081

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号