ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 2024 ᠣᠨ᠎ᠤ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-05-09

      《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠡᠳᠦᠭᠡ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠨᠢᠭᠡᠴᠢ ᠵᠢ ᠢᠯᠡ ᠨᠡᠢ᠌ᠲᠡᠯᠡᠨ᠎ᠡ᠃
      ᠨᠢᠭᠡ᠂ ᠢᠯᠡ ᠨᠡᠢ᠌ᠲᠡᠯᠡᠬᠦ ᠡᠲᠡᠭᠡᠳ
      ᠵᠠᠩ ᠶᠠᠨ᠂ ᠡᠷᠡᠭᠲᠡᠢ᠂ 1995 ᠣᠨ᠎ᠤ 2 ᠰᠠᠷ᠎ᠠ᠎ᠳᠤ ᠳᠦᠷᠦᠵᠡᠶ᠂ ᠠᠰᠫᠢᠷᠠᠨᠲ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠳ᠋ᠣᠺᠲ᠋ᠣᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ᠎ᠳᠤ ᠤᠷᠢᠨ ᠠᠵᠢᠯᠯᠠᠭᠤᠯᠬᠤ᠎ᠪᠠᠷ ᠪᠣᠶ᠃
      ᠬᠣᠶᠠᠷ᠂ ᠢᠯᠡ ᠨᠡᠢ᠌ᠲᠡᠯᠡᠬᠦ ᠴᠠᠭ
      2025 ᠣᠨ᠎ᠤ 4 ᠰᠠᠷ᠎ᠠ ᠵᠢᠨ 9᠎ᠤ ᠡᠳᠦᠷ᠎ᠠᠴᠠ 2025 ᠣᠨ᠎ᠤ 4 ᠰᠠᠷ᠎ᠠ ᠵᠢᠨ 15᠎ᠤ ᠡᠳᠦᠷ ᠪᠣᠯᠲᠠᠯ᠎ᠠ᠂ ᠨᠡᠢ᠍ᠢ᠍ᠳᠡ 5 ᠠᠵᠢᠯ᠎ᠤᠨ ᠡᠳᠦᠷ᠃
      ᠭᠤᠷᠪᠠ᠂ ᠬᠦᠯᠢᠶᠡᠨ ᠠᠪᠬᠤ ᠬᠡᠯᠪᠡᠷᠢ ᠵᠢᠴᠢ ᠬᠦᠯᠢᠶᠡᠨ ᠠᠪᠬᠤ ᠴᠠᠭ
      ᠨᠢᠭᠡᠴᠢ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠢᠯᠡ ᠨᠡᠢ᠌ᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠢ᠌ᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠮᠠᠲ᠋ᠧᠷᠢᠶᠠᠯ᠎ᠳᠤ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ ᠵᠢᠨ ᠡᠮᠦᠨᠡᠬᠢ 9᠄ 00 — 12᠄ 00; ᠦᠳᠡ ᠵᠢᠨ ᠬᠣᠢ᠌ᠨ᠎ᠠ 14᠄ 30 — 17᠄ 00
      ᠭᠥᠯᠢᠶᠡᠨ ᠠᠪᠬᠤ ᠤᠲᠠᠰᠤ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ  0471 — 4632081
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ  0471-4632812


                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

               ᠠᠮᠢ ᠠᠬᠤᠢ ᠣᠷᠴᠢᠨ ᠲᠣᠭᠣᠷᠢᠨ᠎ᠤ ᠲᠢᠩᠬᠢᠮ
                       2025 ᠣᠨ᠎ᠤ 4 ᠰᠠᠷ᠎ᠠ ᠵᠢᠨ 8᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2025 ᠣᠨ᠎ᠳᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠡᠷᠡᠭᠵᠢᠭᠦᠯᠬᠦ ᠠᠵᠤ ᠠᠬᠤᠢ᠌ᠯᠠᠯ᠎ᠤᠨ ᠨᠡᠷᠡᠰ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ  ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠣᠨᠴᠠᠭ᠋ᠠᠶ ᠭᠣᠭᠴᠣᠭ᠎ᠠ ᠵᠢ ᠦᠯᠡᠳᠡᠭᠡᠬᠦ᠂ ᠬᠦᠴᠦᠨ ᠥᠬᠡᠶ ᠪᠣᠯᠭ᠋ᠠᠬᠤ ᠨᠠᠷᠢᠨ ᠳᠠᠩᠰᠠ ᠵᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠬᠦ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
 
             蒙ICP备05000248号