ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠯᠪᠠᠨ ᠮᠡᠳᠡᠭᠡ
2025 ᠣᠨ᠎ᠤ ᠳᠡᠭᠡᠷ᠎ᠡ ᠬᠠᠭᠠᠰ ᠵᠢᠯ᠎ᠦᠨ ᠰᠠᠭᠠᠳ ᠥᠬᠡᠶ ᠨᠡᠪᠲᠡᠷᠡᠬᠦ ᠵᠠᠮ᠎ᠤᠨ ᠮᠡᠷᠭᠡᠵᠢᠯ᠎ᠦᠨ ᠴᠣᠯᠠ ᠬᠢᠨᠠᠨ ᠲᠤᠭᠳᠠᠭᠠᠬᠤ᠎ᠳᠤ ᠣᠷᠣᠯᠴᠠᠬᠤ᠎ᠪᠠᠷ ᠭᠤᠶᠤᠴᠢᠯᠠᠭᠰᠠᠨ ᠬᠥᠮᠥᠰ᠎ᠢ ᠢᠯᠡ ᠨᠡᠢᠳᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠵᠠᠷ
ᠨᠡᠶ᠋ᠢᠲᠡᠯᠡᠭᠰᠡᠨ ᠴᠠᠭ᠄ 2025-08-15

      ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ 《 2025 ᠣᠨ᠎ᠤ ᠪᠥᠬᠥ ᠣᠷᠣᠨ᠎ᠤ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ 》 ( ᠥᠪᠥᠷ ᠬᠥᠮᠦᠨ ᠨᠡᠶ᠋ᠢᠭᠡᠮ᠎ᠦᠨ ᠠᠯᠪᠠᠨ ᠲᠠᠷᠬᠠᠭᠠᠭᠰᠠᠨ [ 2025 ] 87 ᠳ᠋ᠤᠭᠠᠷ ᠲᠣᠭᠠᠲᠤ ) ᠵᠢᠴᠢ 《 2025 ᠣᠨ᠎ᠤ ᠥᠪᠡᠷᠲᠡᠭᠡᠨ ᠵᠠᠰᠠᠬᠤ ᠣᠷᠣᠨ᠎ᠤ ᠰᠠᠭᠠᠳ ᠥᠬᠡᠶ ᠨᠡᠪᠲᠡᠷᠡᠬᠦ ᠵᠠᠮ᠎ᠤᠨ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ᠎ᠪᠠᠷ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ 》 ( ᠥᠪᠥᠷ ᠬᠥᠮᠦᠨ ᠨᠡᠶ᠋ᠢᠭᠡᠮ᠎ᠦᠨ ᠠᠯᠪᠠᠨ ᠲᠠᠷᠬᠠᠭᠠᠭᠰᠠᠨ [ 2025 ] 92 ᠳ᠋ᠤᠭᠠᠷ ᠲᠣᠭᠠᠲᠤ )᠎ᠤᠨ ᠬᠣᠯᠪᠣᠭᠳᠠᠯ ᠪᠥᠬᠥᠶ ᠱᠠᠭᠠᠷᠳᠠᠯᠭ᠎ᠠ᠎ᠶᠢ ᠦᠨᠳᠦᠰᠦᠯᠡᠨ᠂ ᠡᠳᠦᠭᠡ ᠲᠢᠩᠬᠢᠮ᠎ᠦᠨ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶᠢᠨ ᠰᠠᠭᠠᠳ ᠥᠬᠡᠶ ᠨᠡᠪᠲᠡᠷᠡᠬᠦ ᠵᠠᠮ᠎ᠤᠨ ᠮᠡᠷᠭᠡᠵᠢᠯ᠎ᠦᠨ ᠴᠣᠯᠠ᠎ᠶᠢᠨ ᠬᠢᠨᠠᠨ ᠲᠤᠭᠳᠠᠭᠠᠯᠳᠠ᠎ᠳᠤ ᠣᠷᠣᠯᠴᠠᠬᠤ᠎ᠪᠠᠷ ᠭᠤᠶᠤᠴᠢᠯᠠᠭᠰᠠᠳ᠎ᠢ ᠢᠯᠡ ᠨᠡᠶ᠋ᠢᠲᠡᠯᠡᠨ᠎ᠡ᠃
      ᠨᠢᠭᠡ᠂ ᠰᠠᠭᠠᠳ ᠥᠬᠡᠶ ᠨᠡᠪᠲᠡᠷᠡᠬᠦ ᠵᠠᠮ᠎ᠤᠨ ᠮᠡᠷᠭᠡᠵᠢᠯ᠎ᠦᠨ ᠴᠣᠯᠠ ᠬᠢᠨᠠᠨ ᠲᠤᠭᠳᠠᠭᠠᠬᠤ᠎ᠳᠤ ᠣᠷᠣᠯᠴᠠᠬᠤ᠎ᠪᠠᠷ ᠭᠤᠶᠤᠴᠢᠯᠠᠭᠰᠠᠳ ( ᠬᠢᠲᠠᠳ ᠥᠰᠥᠭ᠎ᠦᠨ ᠪᠢᠴᠢᠯᠭᠡ᠎ᠶᠢᠨ ᠲᠠᠰ ᠳᠠᠷᠠᠭᠠᠯᠠᠯ᠎ᠢᠶᠠᠷ ᠵᠢᠭᠰᠠᠭᠠᠪᠠ )
      ᠪᠠᠶᠠᠨ᠂ ᠡᠷᠡᠭᠲᠡᠶ᠂ ᠮᠣᠩᠭᠣᠯ ᠦᠨᠳᠦᠰᠦᠲᠡᠨ᠂ 1983 ᠣᠨ᠎ᠤ 6 ᠰᠠᠷ᠎ᠠ᠎ᠳᠤ ᠲᠦᠷᠦᠵᠡᠢ᠂ ᠯᠠᠨᠵᠧᠦ ᠶᠡᠬᠡ ᠰᠤᠷᠭᠠᠭᠤᠯᠢ᠎ᠶᠢᠨ ᠠᠮᠢ ᠠᠬᠤᠶ᠎ᠶᠢᠨ ᠤᠬᠠᠭᠠᠨ᠎ᠤ ᠲᠤᠰᠬᠠᠶ ᠮᠡᠷᠭᠡᠵᠢᠯ᠎ᠲᠠᠢ᠂ ᠠᠰᠫᠢᠷᠠᠨᠲ᠂ ᠪᠠᠶ᠋ᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠶ ᠥᠷᠲᠡᠭᠡ᠎ᠶᠢᠨ ᠦᠬᠠᠶ᠎ᠶᠢᠨ ᠬᠤᠪᠢᠶᠠᠷᠢ ᠥᠷᠲᠡᠭᠡ᠎ᠶᠢᠨ ᠢᠨᠵᠧᠨᠧᠷ᠂ ᠰᠠᠭᠠᠳ ᠥᠬᠡᠶ ᠨᠡᠪᠲᠡᠷᠡᠬᠦ ᠵᠠᠮ᠎ᠤᠨ ᠳᠡᠭᠡᠳᠦ ᠵᠡᠷᠭᠡ᠎ᠶᠢᠨ ᠢᠨᠵᠧᠨᠧᠷ᠎ᠢᠶᠡᠷ ᠭᠤᠶᠤᠴᠢᠯᠠᠨ ᠮᠡᠳᠡᠬᠦᠯᠪᠡ᠃
      ᠱᠢ ᠯᠢ ᠫᠢᠩ᠂ ᠡᠮᠡᠭᠲᠡᠢ᠂ ᠬᠢᠲᠠᠳ ᠦᠨᠳᠦᠰᠦᠲᠡᠨ᠂ 1992 ᠣᠨ᠎ᠤ 9 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠬᠥᠷᠥᠰᠥ ᠰᠢᠷᠣᠢ᠎ᠶᠢᠨ ᠤᠬᠠᠭᠠᠨ᠎ᠤ ᠲᠤᠰᠬᠠᠢ ᠮᠡᠷᠭᠡᠵᠢᠯ ᠲᠠᠢ᠂ ᠠᠰᠫᠢᠷᠠᠨᠲ᠂ ᠲᠠᠷᠢᠶᠠᠯᠠᠩ᠎ᠤᠨ ᠤᠬᠠᠭᠠᠨ᠎ᠤ ᠳ᠋ᠣᠺᠲ᠋ᠣᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡᠨ᠎ᠦ ᠲᠤᠰᠬᠠᠢ ᠮᠡᠷᠭᠡᠵᠢᠯ᠎ᠦᠨ ᠠᠵᠢᠯᠲᠠᠨ᠃ ᠰᠠᠭᠠᠳ ᠦᠭᠡᠢ ᠨᠡᠪᠲᠡᠷᠡᠬᠦ ᠵᠠᠮ᠎ᠤᠨ ᠳᠡᠭᠡᠳᠦ ᠵᠡᠷᠭᠡ᠎ᠶᠢᠨ ᠢᠨᠵᠧᠨᠧᠷ᠎ᠢᠶᠡᠷ ᠭᠤᠶᠤᠴᠢᠯᠠᠨ ᠮᠡᠳᠡᠬᠦᠯᠪᠡ᠃
      ᠬᠤ᠌ ᠵᠢᠩ ᠲᠤᠤ᠂ ᠡᠷᠡᠭᠲᠡᠶ᠂ ᠬᠢᠲᠠᠳ ᠦᠨᠳᠦᠰᠦᠲᠡᠨ᠂ 1988 ᠣᠨ᠎ᠤ 2 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠢᠮᠢ᠎ᠶᠢᠨ ᠲᠤᠰᠬᠠᠶ ᠮᠡᠷᠭᠡᠵᠢᠯ ᠲᠠᠢ᠂ ᠠᠰᠫᠢᠷᠠᠨᠲ᠂ ᠪᠠᠶ᠋ᠢᠭᠠᠯᠢ᠎ᠶᠢᠨ ᠰᠢᠨᠵᠢᠯᠡᠬᠦ ᠤᠬᠠᠭᠠᠨ᠎ᠤ ᠳ᠋ᠣᠺᠲ᠋ᠣᠷ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠳᠡᠭᠡᠳᠦ ᠵᠡᠷᠭᠡ᠎ᠶᠢᠨ ᠢᠨᠵᠧᠨᠧᠷ᠂ ᠰᠠᠭᠠᠳ ᠥᠬᠡᠶ ᠨᠡᠪᠲᠡᠷᠡᠬᠦ ᠵᠠᠮ᠎ᠤᠨ ᠳᠡᠭᠡᠳᠦ ᠵᠡᠷᠭᠡ᠎ᠶᠢᠨ ᠢᠨᠵᠧᠨᠧᠷ᠎ᠢᠶᠡᠷ ᠭᠤᠶᠤᠴᠢᠯᠠᠨ ᠮᠡᠳᠡᠬᠦᠯᠪᠡ
      ᠬᠣᠶᠠᠷ᠂ ᠢᠯᠡ ᠨᠡᠶ᠋ᠢᠲᠡᠯᠡᠬᠦ ᠴᠠᠭ
      ᠢᠯᠡ ᠨᠡᠶ᠋ᠢᠲᠡᠯᠡᠬᠦ ᠴᠠᠭ ᠨᠢ 5 ᠠᠵᠢᠯᠯᠠᠬᠤ ᠡᠳᠦᠷ ( 2025 ᠣᠨ᠎ᠤ 7 ᠰᠠᠷ᠎ᠠ᠎ᠶᠢᠨ 17᠎ᠤ ᠡᠳᠦᠷ᠎ᠡᠴᠡ 7 ᠰᠠᠷ᠎ᠠ᠎ᠶᠢᠨ 23᠎ᠤ ᠡᠳᠦᠷ ᠪᠣᠯᠲᠠᠯ᠎ᠠ ) ᠪᠣᠯᠤᠨ᠎ᠠ᠃
      ᠭᠤᠷᠪᠠ᠂ ᠬᠦᠯᠢᠶᠡᠨ ᠠᠪᠴᠤ ᠰᠢᠶ᠋ᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠤᠨ ᠬᠤᠪᠢ ᠬᠥᠮᠦᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠳᠠᠰᠤᠳᠠᠬᠤ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ᠎ᠪᠡᠷ ᠨᠡᠶ᠋ᠢᠲᠡᠯᠡᠭᠰᠡᠨ ᠨᠢᠭᠡᠴᠢ᠎ᠶᠢᠨ ᠬᠣᠯᠪᠣᠭᠳᠠᠯ ᠪᠥᠬᠥᠶ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠦ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠡᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ᠎ᠢᠶᠠᠨ ᠴᠠᠭ ᠲᠤᠬᠠᠶ ᠳ᠋ᠤᠨᠢ ᠬᠠᠷᠢᠭᠤ ᠲᠤᠰᠬᠠᠨ᠎ᠠ᠃
      ᠢᠯᠡ ᠨᠡᠶ᠋ᠢᠲᠡᠯᠡᠬᠦ ᠠᠯᠪᠠᠨ ᠬᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠠᠰᠠᠷ᠎ᠤᠨ 1103 ᠳ᠋ᠤᠭᠠᠷ ᠥᠷᠥᠭᠡ᠎ᠳᠦ ᠲᠣᠬᠢᠷᠠᠭᠤᠯᠪᠠ᠃
      ᠬᠦᠯᠢᠶᠡᠨ ᠠᠪᠬᠤ ᠴᠠᠭ ᠄ ᠠᠵᠢᠯ᠎ᠤᠨ ᠡᠳᠦᠷ᠎ᠦᠨ ᠦᠳᠡ᠎ᠶᠢᠨ ᠡᠮᠦᠨᠡᠬᠢ 9 ᠄ 00 ︱ 12 ᠄ 00
      ᠦᠳᠡ᠎ᠶᠢᠨ ᠬᠣᠶ᠋ᠢᠨᠠᠬᠢ 13 ᠄ 30 ︱ 17 ᠄ 00
      ᠬᠦᠯᠢᠶᠡᠨ ᠠᠪᠬᠤ ᠤᠲᠠᠰᠤ ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ ᠄ 0471 ︱ 4632081
      ᠳᠠᠭᠠᠯᠳᠤᠭᠤᠯᠤᠯ ᠄ 2025 ᠣᠨ᠎ᠤ ᠰᠠᠭᠠᠳ ᠥᠬᠡᠶ ᠨᠡᠪᠲᠡᠷᠡᠬᠦ ᠵᠠᠮ᠎ᠤᠨ ᠭᠤᠶᠤᠴᠢᠯᠠᠨ ᠮᠡᠳᠡᠬᠦᠯᠦᠭᠰᠡᠨ ᠨᠡᠷᠡᠰ᠎ᠦᠨ ᠪᠦᠷᠢᠳᠬᠡᠯ᠎ᠦᠨ ᠢᠯᠡ ᠨᠡᠢᠳᠡᠯᠡᠯ


           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                       2025᠎ᠤᠨ 7 ᠰᠠᠷ᠎ᠠ᠎ᠶᠢᠨ 16᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号