ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠤ 《2025 ᠣᠨ᠎ᠤ ᠪᠥᠬᠥ ᠣᠷᠣᠨ᠎ᠤ ᠲᠠᠩᠰᠠ ᠡᠪᠬᠡᠮᠡᠯ᠎ᠦᠨ ᠴᠤᠪᠤᠷᠠᠯ᠎ᠤᠨ ᠮᠡᠷᠭᠡᠵᠢᠯ᠎ᠦᠨ ᠴᠣᠯᠠ ᠮᠡᠳᠡᠭᠦᠯᠵᠦ ᠬᠢᠨᠠᠨ ᠲᠣᠭᠲᠠᠭᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠲᠤᠬᠠᠶ ᠮᠡᠳᠡᠭᠳᠡᠯ》 (ᠥᠪᠥᠷ ᠲᠠᠩᠰᠠ ᠡᠪᠬᠡᠮᠡᠯ᠎ᠦᠨ ᠲᠣᠪᠴᠢᠶ᠎ᠠ ᠲᠠᠷᠬᠠᠭᠠᠭᠰᠠᠨ [2025] 4 ᠳ᠋ᠦ᠍ᠭᠡᠷ ᠲᠣᠭᠠᠲᠤ)᠎ᠤᠨ ᠱᠠᠭᠠᠷᠳᠠᠯᠭ᠎ᠠ᠎ᠶᠢ ᠦᠨᠳᠦᠰᠦᠯᠡᠨ᠂ ᠡᠳᠦᠭᠡ ᠲᠢᠩᠬᠢᠮ᠎ᠦᠨ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶᠢᠨ 2025 ᠣᠨ᠎ᠤ ᠲᠠᠩᠰᠠ ᠡᠪᠬᠡᠮᠡᠯ᠎ᠦᠨ ᠴᠤᠪᠤᠷᠠᠯ᠎ᠤᠨ ᠲᠤᠰᠬᠠᠶ ᠮᠡᠷᠭᠡᠵᠢᠯ᠎ᠦᠨ ᠬᠢᠷᠢ ᠬᠡᠮ᠎ᠢ ᠬᠢᠨᠠᠨ ᠲᠣᠭᠲᠠᠭᠠᠬᠤ᠎ᠪᠠᠷ ᠮᠡᠳᠡᠭᠦᠯᠦᠭᠰᠡᠨ ᠬᠥᠮᠥᠰ᠎ᠢ ᠢᠯᠡ ᠨᠡᠶ᠋ᠢᠲᠡᠯᠡᠨ᠎ᠡ᠃
ᠨᠢᠭᠡ᠂ ᠢᠯᠡ ᠨᠡᠶ᠋ᠢᠲᠡᠯᠡᠬᠦ ᠨᠡᠷᠡᠰ
ᠯᠢᠨ ᠱᠤ᠌ ᠵᠢᠤᠸᠠᠨ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠶ ᠥᠷᠲᠡᠭᠡ᠎ᠶᠢᠨ ᠰᠢᠯᠢ᠎ᠶᠢᠨ ᠭᠣᠥᠯ᠎ᠤᠨ ᠬᠤᠪᠢᠶᠠᠷᠢ ᠥᠷᠲᠡᠭᠡ᠎ᠳᠦ ᠠᠵᠢᠯᠯᠠᠵᠤ᠂ ᠲᠠᠩᠰᠠ ᠡᠪᠬᠡᠮᠡᠯ᠎ᠦᠨ ᠴᠤᠪᠤᠷᠠᠯ᠎ᠤᠨ ᠠᠵᠢᠯᠲᠠᠨ᠎ᠤ ᠬᠢᠷᠢ ᠬᠡᠮ᠎ᠢ ᠬᠢᠨᠠᠨ ᠲᠤᠭᠳᠠᠭᠠᠯᠭᠠᠬᠤ᠎ᠪᠠᠷ ᠪᠣᠶ᠃
ᠬᠣᠶᠠᠷ᠂ ᠢᠯᠡ ᠨᠡᠶ᠋ᠢᠲᠡᠯᠡᠬᠦ ᠴᠠᠭ
ᠢᠯᠡ ᠨᠡᠶ᠋ᠢᠲᠡᠯᠡᠬᠦ ᠬᠤᠭᠤᠴᠠᠭ᠎ᠠ ᠨᠢ 2025 ᠣᠨ᠎ᠤ 7 ᠰᠠᠷ᠎ᠠ᠎ᠶᠢᠨ 17 ᠤ ᠡᠳᠦᠷ᠎ᠡᠴᠡ 2025 ᠣᠨ᠎ᠤ 7 ᠰᠠᠷ᠎ᠠ᠎ᠶᠢᠨ 23᠎ᠤ ᠡᠳᠦᠷ ᠪᠣᠯᠲᠠᠯ᠎ᠠ᠂ ᠨᠡᠶ᠋ᠢᠲᠡ 5 ᠠᠵᠢᠯ᠎ᠤᠨ ᠡᠳᠦᠷ (ᠪᠠᠶᠠᠷ ᠳᠤᠷᠠᠰᠬᠠᠯ᠎ᠤᠨ ᠡᠳᠦᠷ ᠪᠠ ᠠᠮᠠᠷᠠᠯᠲᠠ᠎ᠶᠢᠨ ᠡᠳᠦᠷ ᠪᠠᠭᠲᠠᠬᠤ ᠥᠬᠡᠶ) ᠪᠣᠯᠤᠨ᠎ᠠ᠃
ᠭᠤᠷᠪᠠ᠂ ᠬᠦᠯᠢᠶᠡᠨ ᠠᠪᠴᠤ ᠰᠢᠶ᠋ᠳᠪᠦᠷᠢᠯᠡᠬᠦ ᠠᠷᠭ᠎ᠠ ᠮᠠᠶᠢᠭ᠋
ᠨᠢᠭᠡᠴᠢ ᠪᠣᠯᠤᠨ ᠬᠤᠪᠢ ᠬᠥᠮᠦᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠳᠠᠰᠤᠳᠠᠬᠤ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ᠎ᠪᠡᠷ ᠨᠡᠶ᠋ᠢᠲᠡᠯᠡᠭᠰᠡᠨ ᠨᠢᠭᠡᠴᠢ᠎ᠶᠢᠨ ᠬᠣᠯᠪᠣᠭᠳᠠᠯ ᠪᠥᠬᠥᠶ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠦ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠡᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ᠎ᠢᠶᠠᠨ ᠴᠠᠭ ᠲᠤᠬᠠᠶ ᠳ᠋ᠤᠨᠢ ᠬᠠᠷᠢᠭᠤ ᠲᠤᠰᠬᠠᠨ᠎ᠠ᠃
ᠢᠯᠡ ᠨᠡᠶ᠋ᠢᠲᠡᠯᠡᠬᠦ ᠠᠯᠪᠠᠨ ᠬᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠠᠯᠪᠠᠨ ᠠᠰᠠᠷ᠎ᠤᠨ 1103 ᠳ᠋ᠤᠭᠠᠷ ᠥᠷᠥᠭᠡ᠎ᠳᠦ ᠲᠣᠬᠢᠷᠠᠭᠤᠯᠪᠠ᠃
ᠬᠦᠯᠢᠶᠡᠨ ᠠᠪᠬᠤ ᠴᠠᠭ᠄ ᠠᠵᠢᠯ᠎ᠤᠨ ᠡᠳᠦᠷ᠎ᠦᠨ ᠦᠳᠡ᠎ᠶᠢᠨ ᠡᠮᠦᠨᠡᠬᠢ 9 ᠄ 00 ︱ 12 ᠄ 00
ᠦᠳᠡ᠎ᠶᠢᠨ ᠬᠣᠶ᠋ᠢᠨᠠᠬᠢ 13 ᠄ 30 ︱ 17 ᠄ 00
ᠬᠦᠯᠢᠶᠡᠨ ᠠᠪᠬᠤ ᠤᠲᠠᠰᠤ᠄
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ ᠄ 0471 ︱ 4632081
ᠳᠠᠭᠠᠯᠳᠤᠭᠤᠯᠤᠯ᠄ ᠲᠠᠩᠰᠠ ᠡᠪᠬᠡᠮᠡᠯ᠎ᠦᠨ ᠴᠤᠪᠤᠷᠠᠯ᠎ᠤᠨ ᠲᠤᠰᠬᠠᠶ ᠮᠡᠷᠭᠡᠵᠢᠯ᠎ᠦᠨ ᠬᠢᠷᠢ ᠬᠡᠮ᠎ᠢ ᠭᠤᠶᠤᠴᠢᠯᠠᠨ ᠮᠡᠳᠡᠬᠦᠯᠦᠭᠰᠡᠨ ᠬᠥᠮᠦᠰ᠎ᠦᠨ ᠨᠡᠷᠡᠰ᠎ᠦᠨ ᠪᠦᠷᠢᠳᠬᠡᠯ᠎ᠢ ᠢᠯᠡ ᠨᠡᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2025᠎ᠤᠨ 7 ᠰᠠᠷ᠎ᠠ᠎ᠶᠢᠨ 16 ᠤ ᠡᠳᠦᠷ