ᠬᠥᠷᠥᠰᠥ ᠰᠢᠷᠣᠶ ᠵᠢᠨ ᠣᠷᠴᠢᠨ ᠠᠬᠤᠶ ᠪᠠ ᠰᠠᠴᠤᠷᠠᠭ᠎ᠤᠨ ᠠᠶᠤᠯᠭᠦᠶ ᠵᠢᠨ ᠬᠠᠮᠢᠶᠠᠷᠤᠯᠲᠠ ᠵᠢᠨ ᠭᠠᠵᠠᠷ
ᠨᠡᠶ᠋ᠢᠲᠡᠯᠡᠭᠰᠡᠨ ᠴᠠᠭ᠄ 2018-09-19
ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠶ᠂ ᠬᠠᠲᠠᠭᠤ ᠪᠡᠶᠡᠲᠦ ᠬᠠᠶᠠᠭᠳᠠᠮᠠᠯ ᠡᠳ᠋᠂ ᠬᠢᠮᠢ ᠵᠢᠨ ᠬᠡᠷᠡᠭᠰᠡᠯ᠂ ᠬᠦᠨᠳᠦ ᠲᠡᠮᠦᠷᠯᠢᠭ ᠵᠡᠷᠭᠡ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠢᠨᠠᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠶ᠂ ᠬᠠᠲᠠᠭᠤ ᠪᠡᠶᠡᠲᠦ ᠬᠠᠶᠠᠭᠳᠠᠮᠠᠯ ᠡᠳ᠋᠂ ᠬᠢᠮᠢ ᠵᠢᠨ ᠬᠡᠷᠡᠭᠰᠡᠯ᠂ ᠬᠦᠨᠳᠦ ᠲᠡᠮᠦᠷᠯᠢᠭ ᠵᠡᠷᠭᠡ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ᠂ ᠳᠦᠷᠢᠮ ᠲᠣᠭᠲᠠᠭ᠋ᠠᠯ᠂ ᠪᠠᠷᠢᠮᠵᠢᠶ᠎ᠠ ᠪᠠ ᠵᠢᠷᠤᠮᠯᠠᠯ᠎ᠢ ᠲᠤᠭᠤᠷᠪᠢᠨ ᠲᠣᠭᠲᠠᠭ᠋ᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠥᠷᠥᠰᠥ ᠰᠢᠷᠣᠶ ᠵᠢᠨ ᠣᠷᠴᠢᠨ ᠠᠬᠤᠶ ᠵᠢᠨ ᠴᠢᠳᠠᠮᠵᠢᠲᠤ ᠣᠷᠣᠨ ᠬᠤᠪᠢᠶᠠᠷᠢᠯᠠᠯ᠎ᠢ ᠲᠤᠭᠤᠷᠪᠢᠨ ᠲᠣᠭᠲᠠᠭ᠋ᠠᠨ᠎ᠠ᠃ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠪᠠᠭᠲᠠᠭ᠋ᠠᠮᠵᠢ ᠵᠢ ᠬᠡᠮᠵᠢᠨ ᠲᠣᠭᠲᠠᠭ᠋ᠠᠬᠤ ᠵᠢ ᠵᠣᠬᠢᠶᠠᠨ ᠪᠠᠢ᠌ᠭᠤᠯᠵᠤ᠂ ᠬᠥᠷᠥᠰᠥ ᠰᠢᠷᠣᠢ ᠵᠢᠨ ᠳᠠᠭ᠋ᠠᠭ᠋ᠠᠴᠠ ᠵᠢ ᠨᠤᠲᠠᠯᠠᠨ ᠵᠢᠱ᠌ᠢᠬᠦ ᠠᠵᠢᠯ᠎ᠢ ᠥᠷᠨᠢᠭᠦᠯᠦᠨ᠎ᠡ; ᠬᠥᠷᠥᠰᠥ ᠰᠢᠷᠣᠶ ᠵᠢᠨ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠠᠵᠢᠯ᠎ᠢ ᠬᠠᠷᠢᠭᠤᠴᠠᠨ᠎ᠠ; ᠬᠥᠷᠥᠰᠥ ᠰᠢᠷᠣᠶ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠢᠨᠠᠨ ᠬᠠᠮᠢᠶᠠᠷᠬᠤ᠂ ᠲᠠᠷᠢᠶᠠᠯᠠᠩ᠎ᠤᠨ ᠵᠤᠯᠤᠮ᠎ᠠ ᠪᠦᠷᠬᠦᠪᠴᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠠᠶᠤᠯᠲᠠᠶ ᠬᠠᠶᠠᠭᠳᠠᠮᠠᠯ ᠡᠳ᠋᠂ ᠡᠮ ᠡᠮᠨᠡᠯᠭᠡ ᠵᠢᠨ ᠬᠠᠶᠠᠭᠳᠠᠮᠠᠯ ᠡᠳ᠋ ᠵᠢᠴᠢ ᠡᠯᠧᠺᠲᠷᠣᠨ ᠵᠡᠷᠭᠡ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠠᠶᠠᠭᠳᠠᠮᠠᠯ ᠡᠳ᠋᠎ᠢ ᠮᠡᠳᠡᠭᠦᠯᠵᠦ ᠳᠠᠩᠰᠠᠯᠠᠭᠤᠯᠬᠤ ᠠᠵᠢᠯ᠎ᠢ ᠵᠣᠬᠢᠶᠠᠨ ᠪᠠᠢ᠌ᠭᠤᠯᠤᠨ᠎ᠠ; ᠠᠶᠤᠯᠲᠠᠶ ᠬᠠᠶᠠᠭᠳᠠᠮᠠᠯ ᠡᠳ᠋ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠵᠢᠴᠢ ᠠᠶᠤᠯᠲᠠᠶ ᠬᠠᠶᠠᠭᠳᠠᠮᠠᠯ ᠡᠳ᠋᠎ᠢ ᠮᠤᠵᠢ ᠠᠯᠤᠰᠯᠠᠨ ᠰᠢᠯᠵᠢᠭᠦᠯᠬᠦ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠬᠠᠶᠠᠭᠳᠠᠮᠠᠯ ᠡᠳ᠋᠂ ᠬᠣᠣᠷᠲᠠᠢ ᠬᠢᠮᠢ ᠵᠢᠨ ᠬᠡᠷᠡᠭᠰᠡᠯ᠎ᠤᠨ ᠣᠷᠴᠢᠨ ᠠᠬᠤᠢ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠶᠳᠪᠦᠷᠢᠯᠡᠬᠦ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠠ ᠰᠠᠴᠤᠷᠠᠭ᠎ᠤᠨ ᠠᠶᠤᠯᠭᠦᠶ ᠵᠢᠨ ᠠᠵᠢᠯ᠎ᠤᠨ ᠲᠦᠷᠦ ᠵᠢᠨ ᠪᠤᠳᠤᠯᠭ᠎ᠠ᠂ ᠲᠥᠯᠥᠪᠵᠢᠭᠦᠯᠭᠡ᠂ ᠳᠦ᠍ᠷᠢᠮ ᠲᠣᠭᠲᠠᠭ᠋ᠠᠯ᠂ ᠪᠠᠷᠢᠮᠵᠢᠶ᠎ᠠ ᠪᠠ ᠵᠢᠷᠤᠮᠵᠢᠯ᠎ᠢ ᠲᠤᠭᠤᠷᠪᠢᠨ ᠲᠣᠭᠲᠠᠭ᠋ᠠᠨ᠎ᠠ; ᠰᠠᠴᠤᠷᠠᠭ᠎ᠤᠨ ᠣᠷᠴᠢᠨ ᠠᠬᠤᠶ ᠵᠢ ᠬᠢᠨᠠᠨ ᠬᠡᠮᠵᠢᠬᠦ ᠪᠠ ᠰᠠᠴᠤᠷᠠᠭ᠎ᠤᠨ ᠣᠷᠴᠢᠨ ᠠᠬᠤᠢ ᠵᠢᠨ ᠬᠠᠮᠢᠶᠠᠷᠤᠯᠲᠠ ᠵᠢ ᠬᠢᠨᠠᠨ ᠪᠠᠢ᠌ᠴᠠᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠠ ᠰᠠᠴᠤᠷᠠᠭ᠎ᠤᠨ ᠣᠷᠴᠢᠨ ᠠᠬᠤᠢ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠴᠥᠮ᠎ᠡ ᠪᠠ ᠰᠠᠴᠤᠷᠠᠭ᠎ᠤᠨ ᠰᠦᠷᠳᠡᠭᠦᠯᠦᠯ᠎ᠤᠨ ᠬᠡᠷᠡᠭ᠎ᠢ ᠰᠡᠷᠭᠡᠶ᠋ᠢᠯᠡᠬᠦ ᠪᠠ ᠰᠢᠢ᠍ᠳᠪᠦᠷᠢᠯᠡᠬᠦ᠎ᠳᠤ ᠣᠷᠣᠯᠴᠠᠨ᠎ᠠ; ᠴᠥᠮ᠎ᠡ ᠵᠢᠨ ᠲᠥᠬᠥᠭᠡᠷᠦᠮᠵᠢ᠂ ᠰᠠᠴᠤᠷᠠᠭ ᠡᠭᠦᠰᠭᠡᠭᠴᠢ ᠵᠢᠨ ᠠᠶᠤᠯᠭᠦᠢ ᠪᠣᠯᠤᠨ ᠴᠠᠬᠢᠯᠭ᠋ᠠᠨ ᠰᠣᠷᠢᠨᠵᠢᠨ᠎ᠤ ᠰᠠᠴᠤᠷᠠᠭ᠂ ᠴᠥᠮ᠎ᠡ ᠵᠢᠨ ᠮᠡᠷᠭᠡᠵᠢᠯ᠎ᠤᠨ ᠬᠡᠷᠡᠭᠯᠡᠯᠲᠡ᠂ ᠰᠠᠴᠤᠷᠠᠭ᠎ᠤᠨ ᠴᠢᠨᠠᠷᠲᠠᠶ ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠡᠷᠭᠡ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠨ᠎ᠠ; ᠴᠥᠮ᠎ᠡ ᠵᠢᠨ ᠲᠥᠬᠥᠭᠡᠷᠦᠮᠵᠢ ᠪᠠ ᠰᠠᠴᠤᠷᠠᠭ᠎ᠤᠨ ᠡᠬᠢ ᠰᠤᠷᠪᠤᠯᠵᠢ᠎ᠲᠠᠢ ᠬᠣᠯᠪᠣᠭᠳᠠᠬᠤ ᠬᠡᠷᠡᠭ ᠪᠣᠯᠤᠨ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠨ᠎ᠠ᠃
ᠬᠠᠷᠢᠭᠤᠴᠠᠯᠭ᠋ᠠᠲᠠᠨ᠄ ᠯᠢᠦ ᠰᠢᠶᠣᠣ ᠪᠦᠸᠧ
ᠬᠠᠷᠢᠯᠴᠠᠬᠤ ᠤᠲᠠᠰᠤ᠄ 0471 — 4632073