ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠡᠭᠦᠷᠭᠡ ᠴᠢᠳᠠᠪᠣᠷᠢᠲᠤ᠌ ᠰᠠᠯᠠᠭ᠎ᠠ ᠮᠦᠴᠢᠷ
ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ
ᠨᠡᠶ᠋ᠢᠲᠡᠯᠡᠭᠰᠡᠨ ᠴᠠᠭ᠄ 2021-03-10

      ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ

      ᠲᠣᠢ᠌ᠮᠣ ᠪᠠᠢ᠌ᠳᠠᠯ᠄
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠬᠢᠨᠠᠨ ᠪᠠᠢ᠌ᠴᠠᠭ᠋ᠠᠬᠤ ᠲᠠᠰᠤᠭ᠎ᠤᠨ ᠭᠣᠤᠯ   ᠲᠤᠰᠢᠶᠠᠯ ᠬᠠᠷᠢᠭᠤᠴᠠᠯᠭ᠎ᠠ
     (ᠨᠢᠭᠡ) ᠲᠢᠩᠬᠢᠮ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠬᠠᠷᠢᠭᠤᠴᠠᠵᠤ᠂ ᠨᠠᠮ᠎ᠤᠨ ᠲᠦᠷᠢᠮ᠎ᠢ ᠰᠠᠬᠢᠨ ᠬᠠᠮᠠᠭ᠋ᠠᠯᠠᠵᠤ᠂ ᠨᠠᠮ᠎ᠤᠨ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢ   ᠲᠤᠤᠱᠯᠠᠭᠤᠯᠣᠨ᠂ ᠤᠯᠤᠰ ᠲᠦᠷᠦ ᠵᠢᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠦᠨ᠎ᠡ᠃
     (ᠬᠤᠶᠠᠷ) ᠲᠢᠩᠬᠢᠮ᠎ᠤᠨ ᠰᠢᠰᠲ᠋ᠧᠮ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ ᠤᠳᠤᠷᠢᠳᠬᠤ ᠺᠠᠳ᠋ᠷ (ᠠᠶ᠋ᠢᠮᠠᠭ ᠬᠤᠲᠠ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠠᠭᠲᠠᠨ᠎ᠠ)᠎ᠤᠨ ᠨᠠᠮ᠎ᠤᠨ ᠱᠤᠭᠤᠮ᠂ ᠴᠢᠭᠯᠡᠯᠲᠡ᠂ ᠲᠦᠷᠦ ᠵᠢᠨ       ᠪᠤᠳᠦᠯᠭ᠎ᠠ᠂ ᠰᠢᠢ᠍ᠳᠪᠦᠷᠢ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠨ᠎ᠠ᠃
      (ᠭᠤᠷᠪᠠ) ᠲᠢᠩᠬᠢᠮ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠬᠠᠤᠯᠢ ᠬᠡᠷᠡᠭᠵᠢᠭᠦᠯᠦᠭᠴᠢ ᠬᠥᠮᠥᠰ᠎ᠤᠨ ᠬᠠᠤᠯᠢ ᠴᠠᠭ᠋ᠠᠵᠠ ᠳᠦᠷᠢᠮ ᠲᠣᠭᠲᠠᠭ᠋ᠠᠯ ᠵᠢᠴᠢ ᠵᠠᠰᠠᠭ᠎ᠤᠨ ᠣᠷᠳᠣᠨ᠎ᠤ ᠲᠣᠭᠲᠠᠭ᠋ᠠᠯ᠂ ᠵᠠᠷᠯᠢᠭ᠎ᠢ ᠰᠠᠬᠢᠨ ᠬᠡᠷᠡᠭᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ᠎ᠠ᠃
     (ᠲᠦᠷᠪᠡ) ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ ᠪᠣᠯᠤᠨ ᠺᠠᠳ᠋ᠷ᠎ᠤᠨ ᠬᠠᠤᠯᠢ᠎ᠠᠴᠠ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠠᠵᠢᠯᠯᠠᠭ᠎ᠠ ᠵᠢ ᠵᠠᠭ᠋ᠠᠯᠳᠤᠬᠤ᠂ ᠢᠯᠡᠴᠢᠯᠡᠬᠦ ᠵᠢ ᠬᠦᠯᠢᠶᠡᠨ ᠠᠪᠴᠤ᠂ ᠬᠠᠤᠯᠢ᠎ᠠᠴᠠ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠬᠡᠷᠡᠭ ᠪᠤᠶᠤ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠰᠢᠢ᠍ᠥᠪᠣᠷᠢᠯᠡᠬᠦ ᠰᠠᠨᠠᠯ ᠵᠶ᠋ᠠᠨ ᠳᠤᠷᠠᠳᠤᠨ᠎ᠠ᠃
     (ᠲᠠᠪᠤ) ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ ᠪᠣᠯᠤᠨ ᠺᠠᠳ᠋ᠷ᠎ᠤᠨ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢᠨ ᠰᠢᠳᠬᠡᠯ ᠣᠯᠤᠭᠰᠠᠨ ᠲᠤᠬᠠᠢ ᠭᠤᠮᠣᠳᠠᠯ ᠲᠣᠭ᠋ᠠᠴᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠤᠨ᠎ᠠ᠃
     (ᠵᠢᠷᠭᠤᠭ᠎ᠠ) ᠲᠢᠩᠬᠢᠮ᠎ᠤᠨ ᠰᠢᠰᠲ᠋ᠧᠮ᠎ᠤᠨ ᠡᠳ᠋᠎ᠤᠨ ᠶᠠᠪᠤᠳᠠᠯ᠎ᠤᠨ ᠬᠢᠨᠠᠨ ᠪᠣᠳᠣᠬᠤ ᠪᠠ ᠤᠳᠤᠷᠢᠳᠬᠤ ᠺᠠᠳ᠋ᠷ᠎ᠤᠨ ᠠᠵᠢᠯ᠎ᠠᠴᠠ᠎ᠪᠠᠨ ᠰᠠᠯᠬᠤ ᠦᠶ᠎ᠡ ᠵᠢᠨ ᠬᠢᠨᠠᠨ ᠪᠤᠳᠤᠬᠤ ᠠᠵᠢᠯ᠎ᠢ ᠬᠠᠷᠢᠭᠤᠴᠠᠨ᠎ᠠ᠃
     (ᠲᠤᠯᠤᠭ᠎ᠠ) ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠳᠤ ᠬᠠᠪᠰᠤᠷᠤᠨ᠂ ᠰᠢᠭᠤᠳ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠡ ᠪᠣᠯᠤᠨ ᠠᠶ᠋ᠢᠮᠠᠭ ᠬᠤᠲᠠ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠴᠠᠭᠤᠯᠤᠨ ᠵᠢᠯᠣᠭᠤᠳᠤᠨ᠎ᠠ᠃
     (ᠨᠠᠢ᠍ᠮᠠ) ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠺᠠᠳ᠋ᠷ᠎ᠢ ᠬᠢᠨᠠᠨ ᠰᠢᠯᠭ᠋ᠠᠬᠤ ᠠᠵᠢᠯ᠎ᠳᠤ ᠣᠷᠣᠯᠴᠠᠵᠤ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ᠎ᠳᠤ ᠲᠤᠪᠤᠶ᠋ᠢᠮ᠎ᠠ ᠠᠮᠵᠢᠯᠲᠠ ᠣᠯᠣᠭᠰᠠᠨ ᠨᠢᠭᠡᠴᠢ ᠪᠣᠯᠤᠨ ᠬᠤᠪᠢ ᠬᠥᠮᠥᠨ᠎ᠢ ᠬᠥᠬᠢᠭᠦᠯᠦᠨ ᠱᠠᠩᠨᠠᠬᠤ ᠲᠤᠬᠠᠶ ᠰᠠᠨᠠᠭᠤᠯᠭ᠎ᠠ ᠳᠤᠷᠠᠳᠤᠨ᠎ᠠ᠃
     (ᠶᠢᠰᠦ) ᠪᠥᠬᠦ ᠣᠷᠣᠨ᠎ᠤ ᠣᠷᠴᠢᠨ ᠲᠣᠭᠤᠷᠢᠨ᠎ᠢ ᠬᠠᠮᠠᠭ᠋ᠠᠯᠠᠬᠤ ᠰᠢᠰᠲ᠋ᠧᠮ᠎ᠤᠨ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠺᠠᠳ᠋ᠷ᠎ᠢ ᠳᠠᠪᠲᠠᠨ ᠪᠣᠯᠪᠠᠰᠤᠷᠠᠭᠤᠯᠬᠤ ᠠᠵᠢᠯ᠎ᠢ ᠬᠠᠷᠢᠭᠤᠴᠠᠨ᠎ᠠ᠃
     (ᠠᠷᠪᠠ) ᠳᠡᠭᠡᠷ᠎ᠡ ᠱᠠᠲᠤᠨ᠎ᠤ ᠪᠠᠶ᠋ᠢᠭᠤᠯᠭ᠎ᠠ ᠵᠢᠨ ᠲᠤᠰᠢᠶᠠᠵᠤ ᠬᠢᠯᠭᠡᠭᠰᠡᠨ ᠪᠤᠰᠤᠳ ᠠᠵᠢᠯ᠎ᠢ ᠪᠡᠶᠡᠯᠡᠭᠦᠯᠦᠨ᠎ᠡ᠃
      ᠬᠠᠷᠢᠭᠤᠴᠠᠯᠭ᠋ᠠᠲᠠᠨ᠄   ᠭᠤᠤ ᠭᠤᠸᠠᠨ ᠫᠢᠩ
      ᠬᠠᠷᠢᠯᠴᠠᠬᠤ ᠤᠲᠠᠰᠤ᠄ 0471 - 4632238
      ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠬᠦ ᠤᠲᠠᠰᠤ᠄ 0471 - 4632256
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠯᠪᠠᠨ ᠬᠡᠷ (ᠤᠬᠠᠭᠤᠯᠭ᠎ᠠ ᠬᠥᠮᠦᠵᠢᠯ᠎ᠤᠨ ᠭᠠᠵᠠᠷ)
      ᠲᠣᠢ᠌ᠮᠣ ᠪᠠᠢ᠌ᠳᠠᠯ᠄
      ᠪᠠᠢ᠌ᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠮᠡᠳᠡᠭᠡ ᠵᠠᠩᠭᠢᠵᠢᠭᠤᠯᠬᠤ ᠵᠡᠷᠭᠡ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠰᠦᠯᠵᠢᠶᠡᠨ᠎ᠤ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠬᠥᠲᠥᠯᠪᠦᠷᠢ ᠵᠢ   ᠨᠠᠢ᠌ᠷᠠᠭᠤᠯᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ ᠨᠥᠬᠥᠷᠰᠡᠭ ᠬᠡᠯᠪᠡᠷᠢ ᠵᠢᠨ ᠨᠡᠢ᠌ᠭᠡᠮ᠎ᠤᠨ ᠪᠠᠢ᠌ᠭᠤᠯᠤᠯᠲᠠ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠠᠢ᠌ᠭᠤᠯᠭ᠎ᠠ ᠵᠢᠨ ᠰᠣᠨᠢᠨ ᠮᠡᠳᠡᠭᠡ ᠵᠢ ᠬᠢᠨᠠᠨ ᠬᠠᠷᠭᠤᠭᠤᠯᠬᠤ ᠪᠠ ᠨᠡᠢ᠌ᠲᠡᠯᠡᠬᠦ ᠵᠢ ᠡᠭᠦᠷᠭᠡᠯᠡᠵᠦ᠂ ᠠᠮᠢ ᠠᠬᠤᠶ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠴᠤᠭᠯᠠᠭᠤᠯᠬᠤ᠂ ᠰᠤᠳᠤᠯᠤᠨ ᠮᠠᠭ᠋ᠠᠳᠯᠠᠬᠤ᠂ ᠠᠷᠭ᠋ᠠᠴᠠᠭ᠋ᠠᠬᠤ ᠠᠵᠢᠯ᠎ᠢ ᠵᠢᠯᠣᠭᠣᠳᠤᠨ᠎ᠠ᠃
      ᠬᠠᠷᠢᠭᠤᠴᠠᠯᠭ᠋ᠠᠲᠠᠨ᠄ ᠶᠢᠨ ᠱᠤ᠌ ᠭᠠᠩ
      ᠬᠠᠷᠢᠯᠴᠠᠬᠤ ᠤᠲᠠᠰᠤ᠄ 0471 - 4632015
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠬᠡᠷ
      ᠲᠣᠢ᠌ᠮᠣ ᠪᠠᠢ᠌ᠳᠠᠯ᠄
      ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠢ᠌ᠷᠢ᠎ᠳᠤ ᠬᠣᠤᠰ ᠬᠠᠷᠢᠭᠤᠴᠠᠯᠭ᠎ᠠ ᠡᠭᠦᠷᠭᠡᠯᠡᠬᠦ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠲᠦᠷᠢᠮ᠂ ᠠᠵᠢᠯ᠎ᠤᠨ ᠲᠥᠯᠥᠪᠯᠡᠭᠡ᠂ ᠬᠡᠷᠡᠭᠵᠢᠭᠦᠯᠬᠦ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠢᠮᠳᠠᠭᠤᠯᠤᠨ ᠪᠠᠢ᠌ᠴᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃
      ᠬᠠᠷᠢᠭᠤᠴᠠᠯᠭ᠋ᠠᠲᠠᠨ᠄ ᠱ᠌ᠢ ᠵᠢᠶᠦ᠋ᠨ ᠶᠧ
      ᠬᠠᠷᠢᠯᠴᠠᠬᠤ ᠤᠲᠠᠰᠤ᠄ 0471 - 46323236
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠶᠡᠷᠦᠩᠬᠡᠶ ᠭᠠᠵᠠᠷ
      ᠲᠣᠢ᠌ᠮᠣ ᠪᠠᠢ᠌ᠳᠠᠯ  ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠠᠮᠢ ᠠᠬᠤᠶ ᠣᠷᠴᠢᠨ ᠲᠣᠭᠣᠷᠢᠨ᠎ᠤ ᠲᠤᠰᠬᠠᠶ ᠲᠥᠯᠥᠪᠵᠢᠭᠦᠯᠭᠡ ᠵᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠨ ᠬᠠᠷᠭᠤᠭᠤᠯᠵᠤ᠂ ᠠᠮᠢ ᠠᠬᠤᠶ ᠣᠷᠴᠢᠨ ᠲᠣᠭᠣᠷᠢᠨ ᠎ᠤ   ᠪᠦᠷᠢᠳᠬᠡᠯ᠂ ᠪᠣᠬᠢᠷᠲᠤᠯ᠎ᠤᠨ ᠡᠬᠢ ᠵᠢ ᠨᠡᠢ᠌ᠳᠡᠮ ᠪᠠᠢ᠌ᠴᠠᠭ᠋ᠠᠬᠤ ᠪᠠ ᠠᠮᠢ ᠠᠬᠤᠶ ᠣᠷᠴᠢᠨ ᠲᠣᠭᠣᠷᠢᠨ᠎ᠤ ᠪᠠᠢ᠌ᠳᠠᠯ᠎ᠢ ᠵᠠᠳᠠᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠣᠷᠣᠨ᠎ᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠡᠵᠡᠮᠳᠡᠬᠦ ᠵᠢ ᠶᠡᠷᠦᠩᠬᠡᠢ᠌ᠯᠡᠨ ᠵᠣᠬᠢᠴᠠᠭᠤᠯᠬᠤ ᠪᠠ ᠬᠠᠮᠢᠶᠠᠷᠬᠤ ᠠᠵᠢᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠨ᠎ᠤ ᠬᠠᠷᠠᠯᠲᠠ ᠪᠠ ᠰᠢᠯᠭ᠋ᠠᠨ ᠬᠢᠨᠠᠬᠤ ᠲᠥᠯᠥᠪᠯᠡᠭᠡ ᠵᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠸᠧᠶ ᠾᠧ ᠵᠠᠩ
      ᠬᠠᠷᠢᠯᠴᠠᠬᠤ ᠤᠲᠠᠰᠤ᠄ 0471 - 4632305
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠬᠠᠤᠯᠢ ᠲᠣᠭᠲᠠᠭ᠋ᠠᠯ ᠬᠢᠭᠡᠳ ᠪᠠᠷᠢᠮᠵᠢᠶ᠎ᠠ ᠵᠢᠨ ᠭᠠᠵᠠᠷ
      ᠲᠣᠢ᠌ᠮᠣ ᠪᠠᠢ᠌ᠳᠠᠯ  ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠤᠯᠢ ᠲᠣᠭᠲᠠᠭ᠋ᠠᠯ᠎ᠤᠨ ᠲᠥᠰᠦᠯ ᠪᠠ ᠲᠦᠷᠢᠮ ᠲᠣᠭᠲᠠᠭ᠋ᠠᠯ᠎ᠢ ᠲᠤᠭᠤᠷᠪᠢᠵᠤ᠂ ᠪᠠᠢ᠌ᠭᠤᠯᠭ᠎ᠠ ᠵᠢᠨ ᠬᠣᠯᠪᠣᠭᠳᠠᠯ ᠪᠥᠬᠥᠶ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠠᠵᠢᠯ᠎ᠢ ᠡᠭᠦᠷᠭᠡᠯᠡᠵᠦ᠂ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠵᠡᠷᠭᠡ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠪᠠᠷᠢᠮᠵᠢᠶ᠎ᠠ᠂ ᠰᠠᠭᠤᠷᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠭᠦᠸᠧ ᠫᠢᠩ
      ᠬᠠᠷᠢᠯᠴᠠᠬᠤ ᠤᠲᠠᠰᠤ᠄ 0471 - 4632076
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠵᠢᠯᠲᠠᠨ᠎ᠤ ᠶᠠᠪᠤᠳᠠᠯ᠎ᠤᠨ ᠭᠠᠵᠠᠷ
      ᠲᠣᠢ᠌ᠮᠣ ᠪᠠᠢ᠌ᠳᠠᠯ  ᠄
      ᠠᠯᠪᠠᠨ ᠪᠠᠢ᠌ᠭᠤᠯᠭ᠎ᠠ᠂ ᠲᠣᠮᠢᠯᠠᠭᠰᠠᠨ ᠪᠠᠢ᠌ᠭᠤᠯᠤᠮᠵᠢ ᠵᠢᠴᠢ ᠬᠠᠷᠢᠶ᠎ᠠ ᠨᠢᠭᠡᠴᠡ ᠵᠢᠨ ᠺᠠᠳ᠋ᠷ ᠠᠵᠢᠯᠲᠠᠨ᠎ᠤ ᠶᠠᠪᠤᠳᠠᠯ᠂ ᠪᠠᠢ᠌ᠭᠤᠯᠤᠮᠵᠢ ᠵᠢᠨ ᠣᠷᠣᠨ ᠲᠣᠭ᠎ᠠ᠂ ᠴᠠᠯᠢᠩ᠂ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠠᠵᠢᠯ᠎ᠢ ᠵᠢᠯᠣᠭᠣᠳᠴᠤ᠂ ᠠᠢ᠌ᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠤᠳᠤᠷᠢᠳᠬᠤ ᠺᠠᠳ᠋ᠷ᠎ᠤᠨ ᠳᠠᠪᠬᠤᠷ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠠᠵᠢᠯ᠎ᠢ ᠡᠭᠦᠷᠭᠡᠯᠡᠵᠦ᠂ ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠣᠯᠪᠣᠭᠳᠠᠯ ᠪᠥᠬᠥᠶ ᠠᠵᠢᠯ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠤᠯᠠᠭ᠋ᠠᠨ
      ᠬᠠᠷᠢᠯᠴᠠᠬᠤ ᠤᠲᠠᠰᠤ᠄ 0471 - 4632079
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠡᠳ᠋᠎ᠤᠨ ᠶᠠᠪᠤᠳᠠᠯ᠎ᠤᠨ ᠭᠠᠵᠠᠷ
      ᠲᠣᠢ᠌ᠮᠣ ᠪᠠᠢ᠌ᠳᠠᠯ᠄
      ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠪᠠ ᠲᠥᠷᠥᠯ ᠵᠦᠢᠯ᠎ᠤᠨ ᠬᠠᠮᠢᠶᠠᠷᠤᠯᠲᠠ ᠵᠢᠨ ᠬᠠᠮᠢᠶ᠎ᠠ ᠪᠥᠬᠥᠶ ᠠᠵᠢᠯ᠎ᠢ ᠡᠭᠦᠷᠭᠡᠯᠡᠵᠦ᠂ ᠪᠠᠢ᠌ᠭᠤᠯᠭ᠎ᠠ ᠪᠠ ᠬᠠᠷᠢᠶ᠎ᠠ   ᠨᠢᠭᠡᠴᠡ ᠵᠢᠨ ᠡᠳ᠋᠎ᠤᠨ ᠶᠠᠪᠤᠳᠠᠯ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠳᠣᠲᠣᠭ᠋ᠠᠳᠤ ᠵᠢᠨ ᠬᠢᠨᠠᠨ ᠪᠤᠳᠤᠯᠲᠠ ᠵᠢᠨ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠡᠭᠦᠷᠭᠡᠯᠡᠵᠦ᠂   ᠣᠷᠴᠢᠯᠲᠣ ᠠᠵᠤ ᠠᠬᠤᠶ ᠬᠢᠭᠡᠳ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠵᠢᠯᠣᠭᠣᠳᠤᠨ ᠠᠬᠢᠭᠤᠯᠬᠤ᠎ᠳᠤ ᠣᠷᠣᠯᠴᠠᠨ᠎ᠠ᠃
      ᠬᠠᠷᠢᠭᠤᠴᠠᠯᠭ᠋ᠠᠲᠠᠨ᠄ ᠰᠦᠩ ᠢᠦ᠋ᠶ ᠵᠢᠶᠠᠨ
      ᠬᠠᠷᠢᠯᠴᠠᠬᠤ ᠤᠲᠠᠰᠤ᠄ 0471 - 4632042
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠪᠠᠢ᠌ᠭ᠋ᠠᠯᠢ ᠵᠢᠨ ᠠᠮᠢ ᠠᠬᠤᠶ ᠵᠢᠨ ᠬᠠᠮᠠᠭ᠋ᠠᠯᠠᠯᠲᠠ ᠵᠢᠨ ᠭᠠᠵᠠᠷ
      ᠲᠣᠢ᠌ᠮᠣ ᠪᠠᠢ᠌ᠳᠠᠯ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠪᠦᠬᠦ ᠣᠷᠣᠨ᠎ᠤ ᠠᠮᠢ ᠠᠬᠤᠢ ᠵᠢᠨ ᠪᠠᠢ᠌ᠳᠠᠯ᠎ᠢ ᠦᠨᠡᠯᠡᠨ ᠵᠢᠱ᠌ᠢᠬᠦ ᠵᠢ ᠥᠷᠨᠢᠭᠦᠯᠵᠦ᠂ ᠠᠮᠢ ᠠᠬᠤᠢ ᠵᠢᠨ ᠵᠢᠱ᠌ᠢᠶ᠎ᠡ ᠦᠵᠡᠭᠦᠯᠬᠦ ᠵᠢ ᠡᠭᠦᠳᠦᠨ ᠪᠠᠢ᠌ᠭᠤᠯᠬᠤ ᠠᠵᠢᠯ᠎ᠢ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠠᠮᠢᠳᠤ ᠪᠣᠳᠠᠰ᠎ᠤᠨ ᠤᠳᠤᠮᠯᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ᠂ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
      ᠬᠠᠷᠢᠭᠤᠴᠠᠯᠭ᠋ᠠᠲᠠᠨ᠄ ᠤᠷᠠᠨ᠎ᠠ
      ᠬᠠᠷᠢᠯᠴᠠᠬᠤ ᠤᠲᠠᠰᠤ᠄ 0471 - 4632068
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠭᠠᠵᠠᠷ
      ᠲᠣᠢ᠌ᠮᠣ ᠪᠠᠢ᠌ᠳᠠᠯ:
      ᠪᠦᠬᠦ ᠣᠷᠣᠨ᠎ᠤ ᠭᠠᠵᠠᠷ ᠳᠡᠭᠡᠷᠡᠬᠢ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢ ᠨᠠᠢ᠌ᠷᠠᠭᠤᠯᠬᠤ ᠪᠠ ᠬᠢᠨᠠᠯᠲᠠ ᠲᠠᠯᠪᠢᠨ ᠬᠡᠷᠡᠭᠵᠢᠭᠦᠯᠵᠦ᠂ ᠮᠤᠵᠢ (ᠣᠷᠣᠨ) ᠠᠯᠤᠰᠯᠠᠭᠰᠠᠨ᠂ ᠠᠢ᠌ᠮᠠᠭ ᠬᠣᠲᠠ ᠵᠢᠨ ᠵᠠᠭ᠋ᠠᠭ᠎ᠲᠠᠬᠢ ᠤᠰᠤᠨ ᠴᠣᠭᠴᠠ ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠢ ᠰᠢᠯᠭ᠋ᠠᠨ ᠬᠢᠨᠠᠬᠤ ᠳᠦᠷᠢᠮ᠎ᠢ ᠪᠠᠢ᠌ᠭᠤᠯᠬᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠢᠨᠠᠨ ᠬᠠᠮᠢᠶᠠᠷᠴᠤ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠲᠣᠬᠢᠷᠠᠭᠤᠯᠬᠤ ᠵᠢ ᠵᠢᠯᠣᠭᠣᠳᠤᠨ᠎ᠠ᠃
      ᠬᠠᠷᠢᠭᠤᠴᠠᠯᠭ᠋ᠠᠲᠠᠨ᠄ ᠯᠢ ᠹᠠᠩ
      ᠬᠠᠷᠢᠯᠴᠠᠬᠤ ᠤᠲᠠᠰᠤ᠄ 0471 - 4632248
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠣᠯᠲᠠ ᠵᠢᠨ ᠭᠠᠵᠠᠷ
      ᠲᠣᠢ᠌ᠮᠣ ᠪᠠᠢ᠌ᠳᠠᠯ᠄
      ᠪᠦᠬᠦ ᠣᠷᠣᠨ᠎ᠤ ᠠᠭ᠋ᠠᠷ ᠮᠠᠨᠳᠠᠯ᠂ ᠱᠤᠤᠭᠢᠶᠠᠨ᠂ ᠭᠡᠷᠡᠯ᠂ ᠴᠢᠯᠠᠭᠤᠵᠢᠮᠠᠯ ᠡᠨᠧᠷᠭᠢ ᠵᠡᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ   ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠠᠢ᠌ᠮᠠᠭ ᠬᠣᠲᠠ ᠵᠢᠴᠢ ᠬᠣᠯᠪᠣᠭᠳᠠᠯ ᠪᠦᠬᠦᠢ ᠭᠠᠵᠠᠷ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠬᠠᠷᠠᠯᠲᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠬᠢᠨᠠᠨ ᠰᠢᠯᠭ᠋ᠠᠬᠤ ᠳᠦᠷᠢᠮ᠎ᠢ ᠪᠠᠢ᠌ᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠠᠭ᠋ᠠᠷ ᠮᠠᠨᠳᠠᠯ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠪᠡᠭᠡᠵᠢᠩ ᠲᠢᠶᠠᠨᠵᠢᠨ ᠡᠾᠸᠪᠸᠢ ᠵᠡᠷᠭᠡ ᠡᠷᠬᠢᠨ ᠲᠣᠭᠣᠷᠢᠨ ᠎ᠤ ᠭᠠᠵᠠᠷ ᠣᠷᠣᠨ᠎ᠤ ᠠᠭ᠋ᠠᠷ ᠮᠠᠨᠳᠠᠯ ᠎ᠤᠨ ᠪᠣᠬᠢᠷᠲᠤᠯ ᠎ᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠵᠣᠬᠢᠶᠠᠨ ᠪᠠᠢ᠌ᠭᠤᠯᠤᠨ ᠵᠣᠬᠢᠴᠠᠭᠤᠯᠬᠤ ᠠᠵᠢᠯ ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠎ᠤ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ ᠎ᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ᠂   ᠵᠣᠬᠢᠶᠠᠨ ᠪᠠᠢ᠌ᠭᠤᠯᠤᠨ ᠵᠣᠬᠢᠴᠠᠭᠤᠯᠬᠤ ᠠᠵᠢᠯ ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠸᠠᠩ ᠢ ᠯᠢᠩ
      ᠬᠠᠷᠢᠯᠴᠠᠬᠤ ᠤᠲᠠᠰᠤ᠄ 0471 - 5315354᠃
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ
      ᠲᠣᠢ᠌ᠮᠣ ᠪᠠᠢ᠌ᠳᠠᠯ:
      ᠪᠦᠬᠦ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠬᠦ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠦᠵᠡᠭᠦᠯᠬᠦ ᠨᠥᠯᠥᠭᠡ ᠵᠢ ᠶᠡᠷᠦᠩᠬᠡᠢ᠌ᠯᠡᠨ ᠵᠠᠳᠠᠯᠵᠤ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠬᠠᠮᠢᠶ᠎ᠠ ᠪᠦᠬᠦᠢ ᠠᠵᠢᠯ᠎ᠢ ᠨᠠᠢ᠌ᠳᠠᠪᠤᠷᠢᠵᠢᠭᠤᠯᠤᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠣᠯᠠᠨ ᠤᠯᠤᠰ᠎ᠤᠨ ᠬᠠᠮᠵᠢᠯᠴᠠᠭ᠎ᠠ ᠪᠣᠯᠤᠨ ᠴᠢᠳᠠᠪᠤᠷᠢ ᠵᠢᠨ ᠪᠠᠢ᠌ᠭᠤᠯᠤᠯᠲᠠ ᠵᠢ ᠵᠣᠬᠢᠴᠠᠭᠤᠯᠤᠨ ᠥᠷᠨᠢᠭᠦᠯᠦᠨ᠎ᠡ᠃ ᠠᠷᠢᠭᠤᠨ ᠴᠡᠪᠡᠷ ᠬᠥᠭᠵᠢᠯᠲᠡ ᠵᠢᠨ ᠲᠣᠭᠲᠠᠴᠠ ᠵᠢᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢᠴᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠣᠯᠪᠣᠭᠳᠠᠯ ᠪᠦᠬᠦᠢ ᠪᠣᠳᠠᠲᠠᠶ ᠠᠵᠢᠯ᠎ᠢ ᠡᠭᠦᠷᠭᠡᠯᠡᠨ᠎ᠡ᠃ ᠣᠯᠠᠨ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠲᠤᠷᠠᠯᠴᠠᠭ᠎ᠠ ᠳᠤᠮᠳᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠠᠰᠠᠭᠤᠳᠠᠯ᠎ᠳᠤ ᠬᠣᠯᠪᠣᠭᠳᠠᠬᠤ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠭᠠᠳᠠᠭ᠋ᠠᠳᠤ᠎ᠳᠤ ᠬᠣᠯᠪᠣᠭᠳᠠᠬᠤ ᠠᠮᠢ ᠠᠬᠤᠶ ᠣᠷᠴᠢᠨ ᠲᠣᠭᠣᠷᠢᠨ᠎ᠤ ᠬᠡᠷᠡᠭ ᠶᠠᠪᠤᠳᠠᠯ᠎ᠢ ᠰᠢᠢᠳᠪᠦᠷᠢᠯᠡᠬᠦ᠎ᠳᠤ ᠣᠷᠣᠯᠴᠠᠨ᠎ᠠ᠃
      ᠬᠠᠷᠢᠭᠤᠴᠠᠯᠭ᠋ᠠᠲᠠᠨ᠄ ᠫᠸᠢ ᠳ᠋ᠠ ᠱ᠌ᠢ
      ᠬᠠᠷᠢᠯᠴᠠᠬᠤ ᠤᠲᠠᠰᠤ᠄ 0471 - 4632302
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠬᠥᠷᠥᠰᠥ ᠰᠢᠷᠣᠶ ᠵᠢᠨ ᠠᠮᠢ ᠠᠬᠤᠶ ᠵᠢᠨ ᠣᠷᠴᠢᠨ   ᠠᠬᠤᠢ ᠵᠢᠨ ᠭᠠᠵᠠᠷ
      ᠲᠣᠢ᠌ᠮᠣ ᠪᠠᠢ᠌ᠳᠠᠯ᠄
      ᠪᠥᠬᠥ ᠣᠷᠣᠨ᠎ᠤ ᠬᠥᠷᠥᠰᠥ ᠰᠢᠷᠣᠶ᠂ ᠭᠠᠵᠠᠷ ᠳᠣᠤᠷᠠᠬᠢ ᠤᠰᠤ ᠵᠡᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠠ ᠠᠮᠢ ᠠᠬᠤᠶ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠵᠤ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠵᠣᠬᠢᠶᠠᠨ ᠪᠠᠢ᠌ᠭᠤᠯᠤᠨ ᠵᠢᠯᠣᠭᠣᠳᠴᠤ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ ᠠᠵᠢᠯ᠎ᠢ ᠬᠢᠨᠠᠨ ᠵᠢᠯᠣᠭᠣᠳᠤᠨ᠎ᠠ᠃
      ᠬᠠᠷᠢᠭᠤᠴᠠᠯᠭ᠋ᠠᠲᠠᠨ᠄ ᠯᠢᠦ ᠰᠢᠶᠤᠤ ᠪᠥᠸᠧ
      ᠬᠠᠷᠢᠯᠴᠠᠬᠤ ᠤᠲᠠᠰᠤ᠄ 0471 - 4632459
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠬᠢᠮᠢ ᠵᠢᠨ ᠪᠣᠳᠠᠰ᠎ᠤᠨ ᠭᠠᠵᠠᠷ
      ᠲᠣᠢ᠌ᠮᠣ ᠪᠠᠢ᠌ᠳᠠᠯ᠄
      ᠪᠥᠬᠥ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋᠂ ᠬᠢᠮᠢ ᠵᠢᠨ ᠡᠳ᠋᠂ ᠬᠦᠨᠳᠦ ᠲᠡᠮᠦᠷᠯᠢᠭ ᠵᠡᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠠᠶᠤᠯᠲᠠᠶ ᠬᠠᠶᠠᠭᠳᠠᠮᠠᠯ ᠡᠳ᠋᠎ᠤᠨ ᠡᠵᠡᠩᠨᠡᠯᠲᠡ ᠵᠢᠨ ᠵᠥᠪᠰᠢᠶᠡᠷᠡᠯ ᠪᠠ ᠮᠤᠵᠢ ᠠᠯᠤᠰᠯᠠᠨ   ᠰᠢᠯᠵᠢᠭᠦᠯᠬᠦ ᠵᠢ ᠬᠢᠨᠠᠨ ᠵᠥᠪᠰᠢᠶᠡᠷᠡᠬᠦ   ᠠᠵᠢᠯ᠎ᠢ   ᠵᠣᠬᠢᠶᠠᠨ ᠪᠠᠢ᠌ᠭᠤᠯᠤᠨ   ᠶᠠᠪᠤᠭᠳᠠᠭᠤᠯᠤᠨ᠎ᠠ᠃
      ᠬᠠᠷᠢᠭᠤᠴᠠᠯᠭ᠋ᠠᠲᠠᠨ᠄ ᠵᠣᠣ ᠹᠦ᠋ ᠴᠢᠤᠸᠠᠨ
      ᠬᠠᠷᠢᠯᠴᠠᠬᠤ ᠤᠲᠠᠰᠤ᠄ 0471 - 4632400
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ ᠭᠠᠵᠠᠷ
      ᠲᠣᠢ᠌ᠮᠣ ᠪᠠᠢ᠌ᠳᠠᠯ᠄
      ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠠᠶᠤᠯᠭᠦᠢ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠤᠭᠤᠷᠪᠢᠨ ᠲᠣᠭᠲᠠᠭ᠋ᠠᠨ᠎ᠠ᠃ ᠴᠥᠮ᠎ᠡ ᠵᠢᠨ ᠲᠦᠯᠡᠰᠢ ᠵᠢᠨ ᠡᠷᠭᠢᠯᠲᠡ ᠵᠢᠨ   ᠲᠥᠬᠥᠭᠡᠷᠦᠮᠵᠢ᠂ ᠰᠠᠴᠤᠷᠠᠭ ᠴᠢᠨᠠᠷᠲᠠᠶ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠲᠥᠬᠥᠭᠡᠷᠦᠮᠵᠢ᠂ ᠴᠥᠮ᠎ᠡ ᠵᠢᠨ ᠮᠡᠷᠭᠡᠵᠢᠯ᠎ᠢ ᠠᠰᠢᠭᠯᠠᠬᠤ ᠲᠥᠷᠥᠯ ᠵᠦᠢᠯ᠂ ᠦᠷᠡᠨ (ᠲᠤᠷᠢ)᠎ᠤ ᠠᠭᠤᠷᠬᠠᠶ ᠪᠣᠯᠤᠨ ᠳᠠᠭ᠋ᠠᠯᠳᠤᠪᠤᠷᠢ ᠰᠠᠴᠤᠷᠠᠭ ᠴᠢᠨᠠᠷᠲᠠᠶ ᠠᠭᠤᠷᠬᠠᠶ᠂ ᠴᠠᠬᠢᠯᠭ᠋ᠠᠨ ᠰᠣᠷᠢᠨᠵᠢᠨ᠎ᠤ ᠰᠠᠴᠤᠷᠠᠭ᠎ᠤᠨ ᠲᠣᠨᠣᠭᠯᠠᠯ ᠪᠣᠯᠤᠨ ᠲᠥᠬᠥᠭᠡᠷᠦᠮᠵᠢ᠂ ᠰᠠᠴᠤᠷᠠᠭ ᠴᠢᠨᠠᠷᠲᠠᠶ ᠪᠣᠳᠠᠰ᠎ᠢ ᠲᠡᠭᠡᠭᠡᠪᠦᠷᠢᠯᠡᠬᠦ ᠴᠥᠮ᠎ᠡ ᠵᠢᠨ ᠠᠮᠤᠷ ᠲᠦᠪᠰᠢᠨ᠂ ᠰᠠᠴᠤᠷᠠᠭ᠎ᠤᠨ ᠠᠮᠤᠷ ᠲᠦᠪᠰᠢᠨ ᠪᠣᠯᠤᠨ ᠰᠠᠴᠤᠷᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠠᠴᠤᠷᠠᠭ ᠴᠢᠨᠠᠷᠲᠠᠶ ᠪᠣᠬᠢᠷᠲᠤᠯ᠎ᠢ ᠵᠠᠰᠠᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠰᠠᠴᠤᠷᠠᠭ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠵᠢ ᠵᠣᠬᠢᠶᠠᠨ ᠪᠠᠢ᠌ᠭᠤᠯᠵᠤ᠂ ᠴᠥᠮ᠎ᠡ ᠬᠢᠭᠡᠳ ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠹᠠᠨ ᠱᠤ᠌ ᠶᠠᠩ
      ᠬᠠᠷᠢᠯᠴᠠᠬᠤ ᠤᠲᠠᠰᠤ᠄ 0471 - 4632073
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠬᠤ ᠬᠠᠮᠢᠶᠠᠷᠤᠯᠲᠠ ᠵᠢᠨ ᠭᠠᠵᠠᠷ
      ᠲᠣᠢ᠌ᠮᠣ ᠪᠠᠢ᠌ᠳᠠᠯ᠄
      ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠦᠭᠰᠡᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠲᠥᠷᠥ ᠵᠢᠨ ᠪᠣᠳᠣᠯᠭ᠎ᠠ ᠵᠢᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠲᠥᠷᠥᠯ ᠵᠦᠢᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠠᠵᠢᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠢ ᠶᠡᠷᠦᠩᠬᠡᠢ᠌ᠯᠡᠨ ᠵᠣᠬᠢᠴᠠᠭᠤᠯᠬᠤ ᠪᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
      ᠬᠠᠷᠢᠭᠤᠴᠠᠯᠭ᠋ᠠᠲᠠᠨ᠄ ᠯᠢ ᠶᠠᠨ
      ᠬᠠᠷᠢᠯᠴᠠᠬᠤ ᠤᠲᠠᠰᠤ᠄ 0471 - 4632065
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠮᠢ ᠠᠬᠤᠶ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠭᠠᠵᠠᠷ
      ᠲᠣᠢ᠌ᠮᠣ ᠪᠠᠢ᠌ᠳᠠᠯ᠄
      ᠪᠦᠬᠦ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠬᠢᠨᠠᠨ ᠰᠢᠨᠵᠢᠬᠦ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠬᠢᠨᠠᠨ ᠰᠢᠨᠵᠢᠬᠦ᠂ ᠪᠠᠴᠢᠮ ᠪᠠᠢ᠌ᠳᠠᠯ᠎ᠢ ᠠᠷᠭ᠋ᠠᠴᠠᠵᠤ ᠬᠢᠨᠠᠨ ᠰᠢᠨᠵᠢᠬᠦ   ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠦᠬᠦ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠢ᠌ᠳᠠᠯ᠎ᠢ ᠪᠠᠢ᠌ᠴᠠᠭ᠋ᠠᠨ ᠦᠨᠡᠯᠡᠨ ᠵᠢᠱ᠌ᠢᠬᠦ ᠵᠢᠨ ᠬᠠᠮᠲᠤ ᠲᠥᠰᠦᠭᠡᠯᠡᠵᠦ ᠤᠷᠢᠳᠴᠢᠯᠠᠨ ᠰᠡᠷᠡᠮᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠬᠢᠨᠠᠨ ᠰᠢᠨᠵᠢᠬᠦ ᠰᠦᠯᠵᠢᠶ᠎ᠡ ᠵᠢᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃
      ᠬᠠᠷᠢᠭᠤᠴᠠᠯᠭ᠋ᠠᠲᠠᠨ᠄ ᠠᠶᠤᠩᠭ᠎ᠠ
      ᠬᠠᠷᠢᠯᠴᠠᠬᠤ ᠤᠲᠠᠰᠤ᠄ 0471 - 4632047
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠮᠢ ᠠᠬᠤᠶ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠣᠪᠴᠢᠶ᠎ᠠ
      ᠲᠣᠢ᠌ᠮᠣ ᠪᠠᠢ᠌ᠳᠠᠯ᠄
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ᠂ ᠬᠠᠤᠯᠢ ᠲᠣᠭᠲᠠᠭ᠋ᠠᠯ᠂ ᠪᠠᠷᠢᠮᠵᠢᠶ᠎ᠠ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ᠂ ᠪᠥᠬᠥ ᠣᠷᠣᠨ᠎ᠤ ᠬᠦᠨᠳᠦ ᠣᠨᠴᠠ ᠶᠡᠬᠡ ᠭᠡᠨᠡᠳᠲᠡ ᠡᠭᠦᠰᠦᠭᠰᠡᠨ ᠠᠮᠢ ᠠᠬᠤᠶ ᠣᠷᠴᠢᠨ ᠲᠣᠭᠣᠷᠢᠨ᠎ᠤ ᠬᠡᠷᠡᠭ ᠪᠠ ᠠᠮᠢ ᠠᠬᠤᠶ ᠵᠢᠨ ᠡᠪᠳᠡᠯᠭᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠵᠣᠬᠢᠶᠠᠨ ᠪᠠᠢ᠌ᠭᠤᠯᠤᠨ ᠲᠤᠭᠤᠷᠪᠢᠬᠤ᠂ ᠪᠠᠢ᠌ᠴᠠᠭ᠋ᠠᠨ ᠰᠢᠢᠳᠪᠦᠷᠢᠯᠡᠬᠦ ᠠᠵᠢᠯ᠎ᠢ ᠵᠢᠯᠣᠭᠣᠳᠤᠨ ᠵᠣᠬᠢᠴᠠᠭᠤᠯᠵᠤ᠂ ᠬᠣᠯᠪᠣᠭᠳᠠᠯ ᠪᠥᠬᠥᠶ ᠮᠤᠵᠢ ᠣᠷᠣᠨ (ᠠᠢ᠌ᠮᠠᠭ ᠬᠣᠲᠠ) ᠠᠯᠤᠰᠯᠠᠭᠰᠠᠨ ᠣᠷᠴᠢᠨ ᠲᠣᠭᠣᠷᠢᠨ᠎ᠤ ᠪᠣᠬᠢᠷᠲᠤᠯ᠎ᠤᠨ ᠵᠢᠭᠤᠷᠠᠯᠳᠤᠭ᠋ᠠᠨ᠎ᠢ ᠵᠣᠬᠢᠴᠠᠭᠤᠯᠤᠨ ᠰᠢᠢᠳᠪᠦᠷᠢᠯᠡᠵᠦ᠂ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠲᠦᠬᠦᠭᠡᠷᠦᠮᠵᠢ ᠵᠢ ᠵᠡᠷᠭᠡᠪᠡᠷ ᠵᠢᠷᠤᠵᠤ ᠲᠥᠯᠥᠪᠯᠡᠬᠦ᠂ ᠵᠡᠷᠭᠡᠪᠡᠷ   ᠪᠠᠢ᠌ᠭᠤᠯᠵᠤ᠂ ᠵᠡᠷᠭᠡᠪᠡᠷ   ᠠᠰᠢᠭᠯᠠᠯᠲᠠ᠎ᠳᠤ ᠣᠷᠣᠭᠣᠯᠬᠣ ᠲᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
      ᠬᠠᠷᠢᠭᠤᠴᠠᠯᠭ᠋ᠠᠲᠠᠨ᠄ ᠵᠠᠩ ᠭᠠᠩ
      ᠬᠠᠷᠢᠯᠴᠠᠬᠤ ᠤᠲᠠᠰᠤ᠄ 0471 - 4632148
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠯᠪᠠᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ
      ᠲᠣᠢ᠌ᠮᠣ ᠪᠠᠢ᠌ᠳᠠᠯ᠄
      ᠠᠯᠪᠠᠨ ᠪᠠᠢ᠌ᠭᠤᠯᠭ᠎ᠠ᠂ ᠲᠣᠮᠢᠯᠠᠭᠰᠠᠨ ᠪᠠᠢ᠌ᠭᠤᠯᠤᠮᠵᠢ ᠪᠣᠯᠤᠨ ᠬᠠᠷᠢᠶ᠎ᠠ ᠨᠢᠭᠡᠴᠡ ᠵᠢᠨ ᠵᠶ᠋ᠡᠨ ᠨᠠᠮ ᠪᠠ ᠣᠯᠠᠨ ᠲᠥᠮᠡᠨᠴᠢ ᠠᠵᠢᠯ᠂ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠬᠠᠷᠢᠭᠤᠴᠠᠨ᠎ᠠ᠃
      ᠬᠠᠷᠢᠭᠤᠴᠠᠯᠭ᠋ᠠᠲᠠᠨ᠄ ᠯᠢ ᠤᠣ
      ᠬᠠᠷᠢᠯᠴᠠᠬᠤ ᠤᠲᠠᠰᠤ᠄ 0471 - 4632010
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00


      ᠠᠵᠢᠯ᠎ᠠᠴᠠ   ᠠᠮᠠᠷᠠᠭᠰᠠᠨ᠂ ᠠᠵᠢᠯ᠎ᠠᠴᠠ   ᠪᠠᠭᠤᠭᠰᠠᠨ ᠬᠦᠮᠦᠰ᠎ᠤᠨ ᠠᠵᠢᠯ ᠵᠢᠨ ᠭᠠᠵᠠᠷ
      ᠲᠣᠢ᠌ᠮᠣ ᠪᠠᠢ᠌ᠳᠠᠯ᠄
      ᠠᠵᠢᠯ᠎ᠠᠴᠠ ᠠᠮᠠᠷᠠᠭᠰᠠᠳ᠂ ᠠᠵᠢᠯ᠎ᠠᠴᠠ   ᠪᠠᠭᠤᠭᠰᠠᠳ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠡ ᠵᠢᠨ ᠵᠶ᠋ᠡᠨ ᠠᠵᠢᠯ᠎ᠠᠴᠠ ᠠᠮᠠᠷᠠᠭᠰᠠᠳ ᠪᠠᠭᠤᠭᠰᠠᠳ᠎ᠤᠨ ᠠᠵᠢᠯ᠎ᠢ ᠵᠢᠯᠣᠭᠣᠳᠤᠨ᠎ᠠ᠃
      ᠬᠠᠷᠢᠭᠤᠴᠠᠯᠭ᠋ᠠᠲᠠᠨ᠄ ᠶᠠᠩ ᠱᠤ᠌ ᠱᠠᠨ
      ᠬᠠᠷᠢᠯᠴᠠᠬᠤ ᠤᠲᠠᠰᠤ᠄ 0471 - 4926323
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9:00-12:00᠂ ᠦᠳᠡ ᠵᠢᠨ ᠬᠣᠢ᠌ᠨ᠎ᠠ 13:30-17:00

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠯᠪᠠᠨ ᠭᠡᠷ (ᠤᠬᠠᠭᠤᠯᠭ᠎ᠠ ᠬᠥᠮᠦᠵᠢᠯ᠎ᠤᠨ ᠭᠠᠵᠠᠷ)
ᠶᠡᠷᠦᠩᠬᠡᠢ᠌ᠯᠡᠭᠰᠡᠨ ᠭᠠᠵᠠᠷ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠠᠯᠪᠠᠨ ᠭᠡᠷ
ᠠᠵᠢᠯᠲᠠᠨ᠎ᠤ ᠶᠠᠪᠤᠳᠠᠯ᠎ᠤᠨ ᠭᠠᠵᠠᠷ
ᠬᠠᠤᠯᠢ ᠲᠣᠭᠲᠠᠭ᠋ᠠᠯ ᠬᠢᠭᠡᠳ ᠪᠠᠷᠢᠮᠵᠢᠶ᠎ᠠ ᠵᠢᠨ ᠭᠠᠵᠠᠷ
 
             蒙ICP备05000248号