ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃
ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠶ᠋ᠢᠯᠳᠤᠬᠤ ᠪᠤᠳᠤᠯᠭ᠎ᠠ᠂ ᠲᠥᠰᠦᠪᠯᠡᠯ᠂ ᠲᠦᠷᠦ ᠵᠢᠨ ᠪᠤᠳᠤᠯᠭ᠎ᠠ᠂ ᠪᠠᠶ᠋ᠢᠭᠤᠯᠤᠯ᠂ ᠮᠡᠷᠭᠡᠵᠢᠯ᠂ ᠠᠷᠭ᠎ᠠ᠂ ᠳᠦᠷᠢᠮᠵᠢᠯ᠂ ᠰᠠᠭᠤᠷᠢ ᠪᠠᠷᠢᠮᠵᠢᠶ᠎ᠠ ᠪᠠ ᠪᠠᠷᠢᠮᠵᠢᠶ᠎ᠠ ᠵᠡᠷᠭᠡ ᠰᠤᠳᠤᠯᠭ᠋ᠠᠨ ᠬᠢᠬᠦ ᠵᠢ ᠬᠠᠤᠯᠢ ᠶᠣᠰᠣᠭ᠋ᠠᠷ ᠥᠷᠨᠢᠭᠦᠯᠵᠦ᠂ ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ ᠪᠤᠶᠤ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠨᠠᠶ᠋ᠢᠳᠠᠭᠰᠠᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠲᠦᠷᠦ ᠵᠢᠨ ᠪᠤᠳᠤᠯᠭ᠎ᠠ᠂ ᠪᠠᠶ᠋ᠢᠭᠤᠯᠤᠯ᠂ ᠮᠡᠷᠭᠡᠵᠢᠯ᠂ ᠠᠷᠭ᠎ᠠ ᠪᠠ ᠪᠠᠷᠢᠮᠵᠢᠶ᠎ᠠ ᠵᠡᠷᠭᠡ ᠵᠢᠱ᠌ᠢᠶ᠎ᠡ ᠦᠵᠡᠭᠦᠯᠬᠦ ᠪᠤᠶᠤ ᠬᠡᠷᠡᠭᠯᠡᠭᠡᠨ᠎ᠤ ᠰᠤᠳᠤᠯᠭ᠋ᠠᠨ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠷᠳᠤ ᠰᠢᠭ᠋ ᠪᠠ ᠤᠷᠳᠤ ᠬᠤᠭᠤᠴᠠᠭ᠋ᠠᠨ᠎ᠤ ᠲᠥᠯᠥᠪᠵᠢᠭᠦᠯᠭᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ᠂ ᠣᠨ᠎ᠤ ᠬᠡᠷᠡᠭᠵᠢᠭᠦᠯᠬᠦ ᠲᠥᠯᠥᠪᠯᠡᠭᠡ ᠵᠢᠴᠢ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠪᠣᠯᠤᠨ ᠡᠴᠦᠰ᠎ᠤᠨ ᠬᠤᠭᠤᠴᠠᠭ᠋ᠠᠨ᠎ᠤ ᠬᠢᠨᠠᠨ ᠰᠢᠯᠭ᠋ᠠᠬᠤ ᠲᠧᠭᠨᠢᠭ ᠮᠡᠷᠭᠡᠵᠢᠯ᠎ᠤᠨ ᠠᠵᠢᠯ᠎ᠢ ᠰᠤᠳᠤᠯᠤᠨ ᠵᠣᠬᠢᠶᠠᠵᠤ᠂ ᠭᠣᠣᠯᠳᠠᠯᠭ᠎ᠠ᠎ᠲᠠᠢ ᠠᠵᠢᠯ ᠲᠦᠷᠦᠯ ᠪᠤᠶᠤ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠰᠢᠯᠭ᠋ᠠᠨ ᠲᠣᠭᠲᠠᠭ᠋ᠠᠬᠤ᠂ ᠵᠠᠬ᠎ᠠ ᠳᠡᠯᠭᠡᠭᠦᠷ᠎ᠲᠤ ᠭᠠᠷᠭ᠋ᠠᠬᠤ ᠠᠵᠤ ᠠᠬᠤᠶ᠋ᠢᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠠᠷᠭᠤᠭᠤᠯᠬᠤ ᠲᠧᠭᠨᠢᠭ ᠮᠡᠷᠭᠡᠵᠢᠯ᠎ᠤᠨ ᠠᠵᠢᠯ᠎ᠢ ᠡᠭᠦᠷᠭᠡᠯᠡᠨ᠎ᠡ᠃ ᠣᠷᠴᠢᠨ ᠲᠣᠭᠣᠷᠢᠨ᠎ᠤ ᠠᠶᠤᠯ ᠲᠦᠭᠰᠢᠭᠦᠷᠢ ᠲᠢ ᠪᠣᠬᠢᠷᠲᠤᠯ᠎ᠤᠨ ᠬᠣᠬᠢᠷᠠᠯ᠎ᠢ ᠬᠢᠨᠠᠨ ᠲᠣᠭᠲᠠᠭ᠋ᠠᠵᠤ ᠦᠨᠡᠯᠡᠨ ᠵᠢᠱ᠌ᠢᠬᠦ ᠲᠤᠬᠠᠢ ᠬᠣᠯᠪᠣᠭᠳᠠᠯ ᠪᠦᠬᠦᠢ ᠲᠧᠭᠨᠢᠭ ᠮᠡᠷᠭᠡᠵᠢᠯ᠎ᠤᠨ ᠠᠵᠢᠯ᠎ᠢ ᠡᠭᠦᠷᠭᠡᠯᠡᠨ᠎ᠡ᠃
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠤᠯᠠᠭ᠋ᠠᠨᠴᠠᠪ ᠵᠡᠭᠦᠨ ᠵᠠᠮ᠎ᠤᠨ 72 ᠳ᠋ᠤᠭ᠋ᠠᠷ ᠨᠣᠮᠧᠷ᠃
ᠬᠠᠷᠢᠭᠤᠴᠠᠯᠭ᠋ᠠᠲᠠᠨ᠄ ᠵᠣᠣ ᠸᠸᠢ ᠹᠧᠩ
ᠬᠠᠷᠢᠯᠴᠠᠬᠤ ᠤᠲᠠᠰᠤ᠄ 0471 — 4632126