ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ
ᠨᠡᠶ᠋ᠢᠲᠡᠯᠡᠭᠰᠡᠨ ᠴᠠᠭ᠄ 2018-09-22

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠲᠥᠪ᠎ᠤᠨ ᠫᠠᠶ᠋ᠢᠰᠠ ᠲ᠋ᠠᠢ) ᠪᠣᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠬᠠᠷᠢᠶᠠᠯᠠᠭᠳᠠᠬᠤ ᠭᠠᠵᠠᠷ᠎ᠤᠨ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠠᠤᠯᠢ ᠶᠣᠰᠣᠭ᠋ᠠᠷ ᠬᠠᠷᠢᠶᠠᠯᠠᠯ᠎ᠤᠨ ᠣᠷᠣᠨ᠎ᠳᠠᠬᠢ ᠬᠡᠷᠡᠭᠵᠢᠭᠦᠯᠵᠦ ᠪᠠᠢ᠌ᠭ᠎ᠠ ᠪᠠᠶ᠋ᠢᠳᠠᠯ ᠪᠠ ᠣᠷᠴᠢᠨ ᠲᠣᠭᠣᠷᠢᠨ᠎ᠤ ᠵᠠᠰᠠᠯᠲᠠ ᠵᠢᠨ ᠲᠦᠷᠦᠯ ᠵᠦᠢ᠍ᠯ᠎ᠳᠤ ᠬᠢᠨᠠᠯᠲᠠ ᠲᠠᠯᠪᠢᠨ ᠪᠠᠶ᠋ᠢᠴᠠᠭ᠋ᠠᠯᠲᠠ ᠬᠢᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠠᠷᠤᠳᠠᠯ ᠲᠠᠲᠠᠪᠤᠷᠢᠯᠠᠬᠤ ᠵᠢ ᠬᠢᠨᠠᠨ ᠪᠠᠢ᠌ᠴᠠᠭ᠋ᠠᠨ᠎ᠠ᠂ ᠳᠣᠣᠷ᠎ᠠ ᠱᠠᠲᠤᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠪᠠᠢ᠌ᠴᠠᠭ᠋ᠠᠨ᠎ᠠ᠃ ᠬᠠᠤᠯᠢ ᠶᠣᠰᠣᠭ᠋ᠠᠷ ᠮᠤᠵᠢ᠂ ᠣᠷᠣᠨ ᠠᠯᠤᠰᠯᠠᠭᠰᠠᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠨᠳᠡᠯ ᠪᠣᠯᠤᠨ ᠠᠮᠢ ᠠᠬᠤᠶ ᠵᠢ ᠡᠪᠳᠡᠭᠰᠡᠨ ᠬᠡᠷᠡᠭ᠎ᠲᠤ ᠪᠠᠶ᠋ᠢᠴᠠᠭ᠋ᠠᠯᠲᠠ ᠬᠢᠵᠦ ᠭᠡᠷᠡᠴᠢ ᠠᠪᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠣᠷᠴᠢᠨ ᠠᠬᠤᠶ ᠵᠢ ᠪᠣᠬᠢᠷᠲᠤᠭᠤᠯᠤᠭᠰᠠᠨ ᠬᠦᠨᠳᠦ ᠶᠡᠬᠡ ᠡᠨᠳᠡᠯ (ᠵᠠᠭᠤᠷᠠᠯᠳᠤᠭ᠋ᠠᠨ ᠪᠠᠭᠲᠠᠨ᠎ᠠ)᠂ ᠠᠮᠢ ᠠᠬᠤᠶ ᠵᠢ ᠡᠪᠳᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠴᠥᠮ᠎ᠡ ᠵᠢᠨ ᠠᠶᠤᠯᠭᠦᠶ ᠲᠥᠬᠥᠭᠡᠷᠦᠮᠵᠢ ᠪᠠ ᠪᠠᠶ᠋ᠢᠭ᠋ᠠᠯᠢ ᠵᠢᠨ ᠠᠮᠢ ᠠᠬᠤᠶ ᠵᠢ ᠬᠠᠮᠠᠭ᠋ᠠᠯᠠᠬᠤ᠂ ᠲᠠᠷᠢᠶᠠᠯᠠᠩ᠎ᠤᠨ ᠠᠮᠢ ᠠᠬᠤᠶ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠣᠳᠬᠤ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠣᠨᠴᠠ ᠶᠡᠬᠡ ᠭᠡᠨᠡᠳᠲᠡ ᠡᠭᠦᠰᠦᠭᠰᠡᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠨᠳᠡᠯ ᠪᠣᠯᠤᠨ ᠠᠮᠢ ᠠᠬᠤᠶ ᠵᠢ ᠡᠪᠳᠡᠭᠰᠡᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠨ᠎ᠡ᠃ ᠬᠠᠷᠢᠶ᠎ᠠ ᠣᠷᠣᠨ᠎ᠤ ᠳᠣᠲᠣᠷ᠎ᠠ 12369 ᠨᠣᠮᠧᠷ ᠵᠶ᠋ᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠢᠯᠡᠴᠢᠯᠡᠨ ᠵᠠᠭ᠋ᠠᠯᠳᠤᠬᠤ ᠵᠢ ᠬᠥᠯᠢᠶᠡᠨ ᠠᠪᠴᠤ ᠰᠢᠢ᠍ᠳᠪᠦᠷᠢᠯᠡᠬᠦ ᠪᠠ ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠭᠡᠳ ᠡᠨᠳᠡᠯ᠎ᠢ ᠪᠠᠢ᠌ᠴᠠᠭ᠋ᠠᠨ ᠰᠤᠳᠤᠯᠬᠤ ᠲᠥᠪ᠎ᠤᠨ ᠰᠦᠯᠵᠢᠶᠡᠨ ᠳᠡᠭᠡᠷᠡᠬᠢ ᠵᠠᠭ᠋ᠠᠯᠳᠤᠯᠭ᠎ᠠ ᠵᠢ ᠰᠢᠯᠵᠢᠭᠦᠯᠦᠨ ᠰᠢᠢ᠍ᠳᠪᠦᠷᠢᠯᠡᠬᠦ ᠵᠡᠷᠭᠡ ᠠᠵᠢᠯ᠎ᠢ ᠡᠭᠦᠷᠭᠡᠯᠡᠨ ᠭᠦᠢ᠍ᠴᠡᠳᠬᠡᠨ᠎ᠡ᠃
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠡᠭᠦᠯᠢᠯᠲᠡ ᠵᠠᠮ᠎ᠤᠨ 39 ᠳ᠋ᠦ᠍ᠭᠡᠷ ᠨᠣᠮᠧᠷ
      ᠬᠠᠷᠢᠭᠤᠴᠠᠯᠭ᠋ᠠᠲᠠᠨ᠄ ᠵᠠᠩ ᠱᠠᠨ ᠱ᠌ᠢ
      ᠬᠠᠷᠢᠯᠴᠠᠬᠤ ᠤᠲᠠᠰᠤ᠄ 0471 — 4632523

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠤᠨ ᠭᠠᠵᠠᠷ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠭᠠᠵᠠᠷ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠭᠠᠵᠠᠷ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠲᠥᠪ
 
             蒙ICP备05000248号