ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠨᠡᠶ᠋ᠢᠲᠡᠯᠡᠭᠰᠡᠨ ᠴᠠᠭ᠄ 2023-12-15

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ᠎ᠳᠠᠬᠢ ᠬᠢᠨᠠᠨ ᠡᠵᠡᠮᠳᠡᠬᠦ ᠲᠥᠪ᠎ᠤᠨ ᠫᠠᠢ᠌ᠰᠠ ᠵᠢ ᠡᠯᠭᠦᠪᠡ) ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠢ᠌ᠲᠡ ᠵᠢᠨ ᠠᠰᠠᠷᠠᠮᠵᠢ ᠵᠢᠨ ᠨᠢᠭᠡᠳᠦᠭᠡᠷ ᠳᠦᠷᠦᠯ ᠵᠢᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄

     1. ᠲᠢᠩᠬᠢᠮ᠎ᠤᠨ ᠪᠠᠢ᠌ᠭᠤᠯᠭ᠎ᠠ ᠵᠢᠨ ᠵᠠᠰᠠᠭ᠎ᠤᠨ ᠶᠠᠪᠤᠳᠠᠯ᠂ ᠡᠳ᠋᠎ᠤᠨ ᠶᠠᠪᠤᠳᠠᠯ᠂ ᠬᠡᠷᠡᠭ ᠶᠠᠪᠤᠳᠠᠯ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠴᠠᠯᠢᠩ᠂ ᠨᠡᠢ᠌ᠭᠡᠮ᠎ᠤᠨ ᠳᠠᠭ᠋ᠠᠳᠬᠠᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠵᠦ ᠲᠤᠰᠢᠶᠠᠬᠤ ᠬᠠᠮᠢᠶᠠᠷᠤᠯᠲᠠ ᠵᠢᠨ ᠠᠵᠢᠯ᠎ᠳᠤ ᠠᠵᠢᠯᠯᠠᠭ᠋ᠠᠨ᠎ᠤ ᠪᠠᠲᠤᠯᠠᠭ᠎ᠠ ᠬᠠᠩᠭ᠋ᠠᠨ᠎ᠠ᠃

     2. ᠡᠯ᠎ᠡ ᠲᠥᠷᠥᠯ᠎ᠤᠨ ᠣᠷᠴᠢᠨ ᠲᠣᠭᠣᠷᠢᠨ᠎ᠤ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠴᠤᠭᠯᠠᠭᠤᠯᠬᠤ᠂ ᠡᠮᠬᠢᠯᠡᠨ ᠨᠡᠶ᠋ᠢᠯᠡᠭᠦᠯᠬᠦ᠂ ᠬᠠᠮᠲᠤᠪᠠᠷ ᠭᠥᠷᠳᠡᠬᠦ᠂ ᠵᠠᠳᠠᠯᠬᠤ ᠵᠢᠴᠢ ᠬᠠᠮᠢᠶᠠᠷᠬᠤ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠮᠡᠳᠡᠭᠦᠯᠦᠨ ᠬᠦᠷᠭᠡᠵᠦ᠂ ᠣᠷᠴᠢᠨ ᠲᠣᠭᠣᠷᠢᠨ᠎ᠤ ᠬᠢᠨᠠᠨ ᠡᠵᠡᠮᠳᠡᠬᠦ ᠵᠢᠴᠢ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠲᠥᠯᠦᠪᠵᠢᠭᠦᠯᠭᠡ᠂ ᠵᠢᠷᠤᠮᠵᠢᠯ ᠵᠡᠷᠭᠡ ᠰᠤᠳᠤᠯᠭ᠋ᠠᠨ᠎ᠢ ᠥᠷᠨᠢᠭᠦᠯᠦᠨ᠎ᠡ; ᠣᠷᠴᠢᠨ ᠲᠣᠭᠣᠷᠢᠨ᠎ᠤ ᠬᠠᠮᠢᠶᠠᠷᠤᠯᠲᠠ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠳᠡᠮᠵᠢᠯᠭᠡ ᠪᠠ ᠦᠢ᠍ᠯᠡᠴᠢᠯᠡᠭᠡ ᠬᠠᠩᠭ᠋ᠠᠨ᠎ᠠ᠃

     3. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠰᠦᠯᠵᠢᠶᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

     4. ᠪᠥᠬᠥ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠡᠵᠡᠮᠳᠡᠬᠦ ᠪᠡᠯᠡᠳᠬᠡᠮᠵᠢ ᠵᠢ ᠤᠭᠰᠠᠷᠠᠬᠤ᠂ ᠲᠣᠣᠷ ᠬᠣᠯᠪᠣᠬᠤ ᠠᠵᠢᠯ᠎ᠢ ᠵᠣᠬᠢᠴᠠᠭᠤᠯᠵᠤ᠂ ᠪᠥᠬᠥ ᠲᠢᠩᠬᠢᠮ᠎ᠤᠨ ᠣᠷᠴᠢᠨ ᠲᠣᠭᠣᠷᠢᠨ᠎ᠤ ᠬᠢᠨᠠᠨ ᠡᠵᠡᠮᠳᠡᠬᠦ ᠰᠢᠰᠲ᠋ᠧᠮ᠎ᠤᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃

     5. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

      ᠳᠣᠲᠣᠭ᠋ᠠᠳᠤ ᠰᠠᠯᠠᠭ᠎ᠠ ᠲᠠᠰᠤᠭ᠄ ᠠᠯᠪᠠᠨ ᠭᠡᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ᠂ ᠬᠡᠷᠡᠭ ᠶᠠᠪᠤᠳᠠᠯ᠎ᠤᠨ ᠪᠠᠲᠤᠯᠠᠭ᠎ᠠ ᠵᠢᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠬᠢᠨᠠᠨ ᠡᠵᠡᠮᠳᠡᠬᠦ ᠮᠡᠷᠭᠡᠵᠢᠯ᠎ᠤᠨ ᠰᠠᠯᠠᠭ᠎ᠠ᠂ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠰᠠᠯᠠᠭ᠎ᠠ

      ᠬᠠᠷᠢᠭᠤᠴᠠᠯᠭ᠋ᠠᠲᠠᠨ᠄ ᠸᠠᠩ ᠰᠢᠶᠣᠣ ᠳ᠋ᠦᠩ

      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦᠭᠡᠷ ᠨᠣᠮᠧᠷ

      ᠬᠠᠷᠢᠯᠴᠠᠬᠤ ᠤᠲᠠᠰᠤ᠄ 0471-4632027

      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ
 
             蒙ICP备05000248号