ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ ᠪᠠᠲᠤᠯᠠᠭ᠎ᠠ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ᠎ᠳᠠᠬᠢ ᠬᠢᠨᠠᠨ ᠡᠵᠡᠮᠳᠡᠬᠦ ᠲᠥᠪ᠎ᠤᠨ ᠫᠠᠢ᠌ᠰᠠ ᠵᠢ ᠡᠯᠭᠦᠪᠡ) ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠠᠢ᠌ᠳᠠ ᠵᠢᠨ ᠠᠰᠠᠷᠠᠮᠵᠢ ᠵᠢᠨ ᠨᠢᠭᠡᠳᠦᠭᠡᠷ ᠳᠦᠷᠦᠯ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
1. ᠲᠢᠩᠬᠢᠮ᠎ᠤᠨ ᠪᠠᠢ᠌ᠭᠤᠯᠭ᠎ᠠ ᠵᠢᠨ ᠵᠠᠰᠠᠭ᠎ᠤᠨ ᠶᠠᠪᠤᠳᠠᠯ᠂ ᠡᠳ᠋᠎ᠤᠨ ᠶᠠᠪᠤᠳᠠᠯ᠂ ᠬᠡᠷᠡᠭ ᠶᠠᠪᠤᠳᠠᠯ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠴᠠᠯᠢᠩ᠂ ᠨᠡᠢ᠌ᠭᠡᠮ᠎ᠤᠨ ᠳᠠᠭ᠋ᠠᠳᠬᠠᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠵᠦ ᠲᠤᠰᠢᠶᠠᠬᠤ ᠬᠠᠮᠢᠶᠠᠷᠤᠯᠲᠠ ᠵᠢᠨ ᠠᠵᠢᠯ᠎ᠳᠤ ᠠᠵᠢᠯᠯᠠᠭ᠋ᠠᠨ᠎ᠤ ᠪᠠᠲᠤᠯᠠᠭ᠎ᠠ ᠬᠠᠩᠭ᠋ᠠᠨ᠎ᠠ᠃
2. ᠡᠯ᠎ᠡ ᠲᠥᠷᠥᠯ᠎ᠤᠨ ᠣᠷᠴᠢᠨ ᠲᠣᠭᠣᠷᠢᠨ᠎ᠤ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠴᠤᠭᠯᠠᠭᠤᠯᠬᠤ᠂ ᠡᠮᠬᠢᠯᠡᠨ ᠨᠡᠶ᠋ᠢᠯᠡᠭᠦᠯᠬᠦ᠂ ᠬᠠᠮᠲᠤ᠎ᠪᠠᠷ ᠡᠳ᠋ᠯᠡᠬᠦ᠂ ᠵᠠᠳᠠᠯᠬᠤ ᠵᠢᠴᠢ ᠬᠠᠮᠢᠶᠠᠷᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠮᠡᠳᠡᠭᠦᠯᠦᠨ ᠬᠦᠷᠭᠡᠵᠦ᠂ ᠣᠷᠴᠢᠨ ᠲᠣᠭᠣᠷᠢᠨ᠎ᠤ ᠬᠢᠨᠠᠨ ᠡᠵᠡᠮᠳᠡᠬᠦ ᠵᠢᠴᠢ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠲᠥᠯᠦᠪᠵᠢᠭᠦᠯᠭᠡ᠂ ᠵᠢᠷᠤᠮᠵᠢᠯ ᠵᠡᠷᠭᠡ ᠰᠤᠳᠤᠯᠭ᠋ᠠᠨ᠎ᠢ ᠥᠷᠨᠢᠭᠦᠯᠦᠨ᠎ᠡ; ᠣᠷᠴᠢᠨ ᠲᠣᠭᠣᠷᠢᠨ᠎ᠤ ᠬᠠᠮᠢᠶᠠᠷᠤᠯᠲᠠ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠳᠡᠮᠵᠢᠯᠭᠡ ᠪᠠ ᠦᠢ᠍ᠯᠡᠴᠢᠯᠡᠭᠡ ᠬᠠᠩᠭ᠋ᠠᠨ᠎ᠠ᠃
3. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠦᠯᠵᠢᠶᠡᠨ᠎ᠤ ᠠᠮᠤᠷ ᠲᠦᠪᠰᠢᠨ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
4. ᠪᠥᠬᠥ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠡᠵᠡᠮᠳᠡᠬᠦ ᠲᠣᠨᠣᠭ ᠲᠥᠬᠦᠭᠡᠷᠦᠮᠵᠢ ᠵᠢ ᠤᠭᠰᠠᠷᠠᠬᠤ᠂ ᠲᠣᠣᠷ ᠬᠣᠯᠪᠣᠬᠤ ᠠᠵᠢᠯ᠎ᠢ ᠵᠣᠬᠢᠴᠠᠭᠤᠯᠵᠤ᠂ ᠪᠥᠬᠥ ᠲᠢᠩᠬᠢᠮ᠎ᠤᠨ ᠣᠷᠴᠢᠨ ᠲᠣᠭᠣᠷᠢᠨ᠎ᠤ ᠬᠢᠨᠠᠨ ᠡᠵᠡᠮᠳᠡᠬᠦ ᠰᠢᠰᠲ᠋ᠧᠮ᠎ᠤᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠳᠣᠲᠣᠭ᠋ᠠᠳᠤ ᠰᠠᠯᠠᠭ᠎ᠠ ᠲᠠᠰᠤᠭ᠄ ᠠᠯᠪᠠᠨ ᠭᠡᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ᠂ ᠬᠡᠷᠡᠭ ᠶᠠᠪᠤᠳᠠᠯ᠎ᠤᠨ ᠪᠠᠲᠤᠯᠠᠭ᠎ᠠ ᠵᠢᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠬᠢᠨᠠᠨ ᠡᠵᠡᠮᠳᠡᠬᠦ ᠮᠡᠷᠭᠡᠵᠢᠯ᠎ᠤᠨ ᠰᠠᠯᠠᠭ᠎ᠠ᠂ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠰᠠᠯᠠᠭ᠎ᠠ
ᠬᠠᠷᠢᠭᠤᠴᠠᠯᠭ᠋ᠠᠲᠠᠨ᠄ ᠸᠠᠩ ᠰᠢᠶᠣᠣ ᠳ᠋ᠦᠩ
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ
ᠬᠠᠷᠢᠯᠴᠠᠬᠤ ᠤᠲᠠᠰᠤ᠄ 0471-4632027
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00