ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠠᠢ᠌ᠳᠠ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
1. ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ᠂ ᠳᠦᠷᠢᠮ᠂ ᠮᠡᠷᠭᠡᠵᠢᠯ᠂ ᠠᠷᠭ᠎ᠠ᠂ ᠵᠢᠷᠤᠮᠵᠢᠯ᠂ ᠣᠷᠣᠨ ᠨᠤᠲᠤᠭ᠎ᠤᠨ ᠪᠠᠷᠢᠮᠵᠢᠶ᠎ᠠ᠂ ᠲᠤᠰᠬᠠᠢ ᠵᠦᠢ᠍ᠯ᠎ᠤᠨ ᠲᠥᠯᠦᠪᠵᠢᠭᠦᠯᠭᠡ ᠵᠡᠷᠭᠡ ᠰᠠᠭᠤᠷᠢ ᠴᠢᠨᠠᠷᠲᠠᠢ ᠰᠤᠳᠤᠯᠭ᠋ᠠᠨ᠎ᠢ ᠥᠷᠨᠢᠭᠦᠯᠦᠨ᠎ᠡ᠃
2. ᠠᠮᠢ ᠠᠬᠤᠢ ᠵᠢᠨ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠮᠡᠷᠭᠡᠵᠢᠯ᠂ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠂ ᠬᠡᠷᠡᠭᠯᠡᠬᠦ ᠪᠠ ᠳᠡᠯᠭᠡᠷᠡᠭᠦᠯᠬᠦ ᠵᠢ ᠥᠷᠨᠢᠭᠦᠯᠦᠨ᠎ᠡ᠃
3. ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠨ᠎ᠠ᠃
4. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠳᠣᠲᠣᠭ᠋ᠠᠳᠤ ᠰᠠᠯᠠᠭ᠎ᠠ ᠲᠠᠰᠤᠭ᠄ ᠠᠯᠪᠠᠨ ᠭᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠪ (ᠶᠡᠷᠦᠩᠬᠡᠢ ᠠᠵᠤ ᠦᠢ᠍ᠯᠡᠳᠪᠦᠷᠢ ᠵᠢᠨ ᠠᠯᠪᠠᠨ ᠭᠡᠷ)᠂ ᠠᠮᠢ ᠠᠬᠤᠢ ᠵᠢᠨ ᠣᠷᠴᠢᠨ ᠲᠣᠭᠣᠷᠢᠨ᠎ᠤ ᠰᠤᠳᠤᠯᠭ᠋ᠠᠨ᠎ᠤ ᠲᠥᠪ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠰᠤᠳᠤᠯᠭ᠋ᠠᠨ᠎ᠤ ᠲᠥᠪ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠰᠤᠳᠤᠯᠭ᠋ᠠᠨ᠎ᠤ ᠲᠥᠪ᠂ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠰᠤᠳᠤᠯᠭ᠋ᠠᠨ᠎ᠤ ᠲᠥᠪ᠂ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠂ ᠲᠥᠯᠦᠪᠵᠢᠭᠦᠯᠭᠡ ᠵᠢᠨ ᠰᠤᠳᠤᠯᠭ᠋ᠠᠨ᠎ᠤ ᠲᠥᠪ
ᠬᠠᠷᠢᠭᠤᠴᠠᠯᠭ᠋ᠠᠲᠠᠨ᠄ ᠮᠢᠶᠣᠣ ᠰᠢᠶᠣᠣ ᠳ᠋ᠦᠩ
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦᠭᠡᠷ ᠨᠣᠮᠧᠷ
ᠬᠠᠷᠢᠯᠴᠠᠬᠤ ᠤᠲᠠᠰᠤ᠄ 0471-4632211
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00