ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠬᠠᠷᠢᠶᠠᠯᠠᠭᠳᠠᠬᠤ ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ
ᠨᠡᠶ᠋ᠢᠲᠡᠯᠡᠭᠰᠡᠨ ᠴᠠᠭ᠄ 2024-05-27

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠨᠥᠬᠥᠴᠡᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠵᠢᠩᠬᠢᠨᠢ ᠭᠠᠵᠠᠷ᠎ᠤᠨ ᠲᠠᠰ᠎ᠤᠨ ᠨᠠᠢ᠌ᠳᠠ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
     1. ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠶᠠᠪᠤᠳᠠᠯ ᠵᠶ᠋ᠠᠷ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠠᠵᠢᠯ᠎ᠤᠨ ᠭᠣᠣᠯ ᠱᠤᠭᠤᠮ ᠪᠣᠯᠭ᠋ᠠᠬᠤ ᠵᠢ ᠪᠠᠲᠤᠯᠠᠨ᠎ᠠ᠃
     2. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠪᠠ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥ ᠵᠢᠨ ᠪᠣᠳᠣᠯᠭ᠎ᠠ᠂ ᠳᠦᠷᠢᠮ᠂ ᠴᠢᠬᠤᠯᠠ ᠶᠡᠬᠡ ᠲᠥᠷᠥᠯ ᠵᠦᠢ᠍ᠯ᠎ᠤᠨ ᠰᠤᠳᠤᠯᠭ᠋ᠠᠨ ᠪᠠ ᠦᠢ᠍ᠯᠡᠳᠦᠯᠭᠡ ᠵᠢᠨ ᠬᠤᠪᠢᠷᠠᠭᠤᠯᠤᠯᠲᠠ ᠵᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠴᠢᠨᠠᠷᠲᠠᠢ ᠲᠥᠯᠦᠪᠵᠢᠭᠦᠯᠭᠡ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠬᠢᠨᠠᠯᠲᠠ ᠲᠠᠯᠪᠢᠬᠤ ᠴᠢᠨᠠᠷᠲᠠᠢ ᠲᠥᠯᠦᠪᠵᠢᠭᠦᠯᠭᠡ᠂ ᠣᠷᠣᠨ ᠪᠦᠰᠡ ᠵᠢᠨ ᠠᠮᠢ ᠠᠬᠤᠢ ᠵᠢᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠥᠯᠦᠪᠵᠢᠭᠦᠯᠭᠡ ᠵᠢ ᠲᠣᠭᠲᠠᠭ᠋ᠠᠬᠤ᠂ ᠦᠨᠡᠯᠡᠨ ᠵᠢᠱ᠌ᠢᠬᠦ ᠵᠡᠷᠭᠡ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ᠃
     3. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠤᠨᠤᠯ ᠬᠢᠭᠡᠳ ᠮᠡᠷᠭᠡᠵᠢᠯ᠎ᠤᠨ ᠠᠷᠭ᠎ᠠ ᠵᠢᠨ ᠰᠤᠳᠤᠯᠤᠯ᠂ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠠ ᠦᠨᠡᠯᠡᠬᠦ ᠠᠵᠢᠯ᠎ᠢ ᠥᠷᠨᠢᠭᠦᠯᠦᠨ᠎ᠡ᠃
     4. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃
     5. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠮᠡᠷᠭᠡᠵᠢᠯ᠎ᠤᠨ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠠᠵᠢᠯ᠎ᠢ ᠬᠠᠷᠢᠭᠤᠴᠠᠨ᠎ᠠ᠃
     6. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠣᠶᠤᠨ᠎ᠤ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠬᠢᠭᠡᠳ ᠬᠠᠮᠢᠶᠠᠷᠤᠯᠲᠠ ᠵᠢ ᠬᠠᠷᠢᠭᠤᠴᠠᠨ᠎ᠠ᠃
     7. ᠤᠯᠠᠨ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ᠎ᠤᠨ ᠰᠤᠳᠤᠯᠭ᠋ᠠᠨ ᠪᠠ ᠤᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ᠃
     8. ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠨ᠎ᠡ᠃
     9. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
      ᠳᠣᠲᠣᠭ᠋ᠠᠳᠤ ᠰᠠᠯᠠᠭ᠎ᠠ ᠲᠠᠰᠤᠭ᠄ ᠠᠯᠪᠠᠨ ᠭᠡᠷ᠂ ᠲᠥᠷᠥ ᠵᠢᠨ ᠪᠣᠳᠣᠯᠭ᠎ᠠ ᠵᠢᠨ ᠰᠤᠳᠤᠯᠬᠤ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠰᠤᠳᠤᠯᠬᠤ ᠭᠠᠵᠠᠷ᠂ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠰᠤᠳᠤᠯᠬᠤ ᠭᠠᠵᠠᠷ᠃
      ᠬᠠᠷᠢᠭᠤᠴᠠᠯᠭ᠋ᠠᠲᠠᠨ᠄ ᠪᠦᠷᠢᠨᠲᠤᠶᠠᠭ᠎ᠠ
      ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦᠭᠡᠷ ᠨᠣᠮᠧᠷ
      ᠬᠠᠷᠢᠯᠴᠠᠬᠤ ᠤᠲᠠᠰᠤ᠄ 0471 — 4632371
      ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠡᠳ᠋ ᠪᠠ ᠬᠢᠮᠢ ᠵᠢᠨ ᠪᠣᠳᠠᠰ᠎ᠢ ᠬᠠᠮᠢᠶᠠᠷᠬᠤ ᠮᠡᠷᠭᠡᠵᠢᠯ᠎ᠤᠨ ᠲᠥᠪ
 
             蒙ICP备05000248号