ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
1. ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠳᠤ ᠣᠯᠭᠣᠭᠰᠠᠨ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠨᠢᠭᠡᠳᠦᠯᠲᠡᠢ ᠬᠡᠷᠡᠭᠵᠢᠭᠦᠯᠦᠨ᠎ᠡ; ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠡᠷᠡᠭᠵᠢᠭᠦᠯᠦᠨ᠎ᠡ᠃
2. ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ᠂ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ ᠵᠢ ᠥᠷᠨᠢᠭᠦᠯᠦᠨ᠂ ᠣᠷᠣᠨ ᠪᠦᠰᠡ (ᠰᠠᠪᠠ ᠭᠠᠵᠠᠷ) ᠠᠯᠤᠰᠯᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃
3. ᠮᠤᠵᠢ ᠣᠷᠣᠨ ᠠᠯᠤᠰᠯᠠᠭᠰᠠᠨ ᠣᠷᠴᠢᠨ ᠲᠣᠭᠣᠷᠢᠨ᠎ᠤ ᠪᠣᠬᠢᠷᠲᠤᠯ᠎ᠤᠨ ᠡᠨᠳᠡᠯ (ᠵᠢᠭᠤᠷᠠᠯᠳᠤᠭ᠋ᠠᠨ)᠂ ᠠᠮᠢ ᠠᠬᠤᠢ ᠵᠢᠨ ᠡᠪᠳᠡᠭᠳᠡᠯ᠎ᠤᠨ ᠬᠡᠷᠡᠭ᠎ᠢ ᠪᠠᠢ᠌ᠴᠠᠭ᠋ᠠᠬᠤ ᠠᠵᠢᠯ᠎ᠳᠤ ᠣᠷᠣᠯᠴᠠᠨ᠎ᠠ; ᠬᠢᠯᠢ ᠵᠢᠨ ᠳᠣᠲᠣᠷᠠᠬᠢ ᠬᠦᠨᠳᠦ ᠶᠡᠬᠡ ᠪᠠ ᠠᠶ᠋ᠢᠮᠠᠭ ᠬᠣᠲᠠ ᠠᠯᠤᠰᠯᠠᠭᠰᠠᠨ ᠣᠷᠴᠢᠨ ᠲᠣᠭᠣᠷᠢᠨ᠎ᠤ ᠪᠣᠬᠢᠷᠲᠤᠯ᠎ᠤᠨ ᠡᠨᠳᠡᠯ (ᠵᠢᠭᠤᠷᠠᠯᠳᠤᠭ᠋ᠠᠨ)᠂ ᠠᠮᠢ ᠠᠬᠤᠢ ᠵᠢ ᠡᠪᠳᠡᠭᠰᠡᠨ ᠬᠡᠷᠡᠭ᠎ᠤᠨ ᠬᠠᠤᠯᠢ ᠬᠡᠷᠡᠭᠵᠢᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠮᠠᠨ᠎ᠤ ᠣᠷᠣᠨ᠎ᠤ ᠫᠠᠢ᠌ᠰᠠ ᠡᠯᠭᠦᠨ ᠱᠠᠯᠠᠪᠳᠠᠭᠤᠯᠤᠨ ᠰᠢᠢ᠍ᠳᠪᠦᠷᠢᠯᠡᠭᠦᠯᠬᠦ ᠬᠡᠷᠡᠭ᠎ᠢ ᠱᠠᠯᠠᠪᠳᠠᠭᠤᠯᠤᠨ ᠪᠠᠢ᠌ᠴᠠᠭ᠋ᠠᠬᠤ᠂ ᠪᠠᠢ᠌ᠴᠠᠭ᠋ᠠᠬᠤ᠂ ᠫᠠᠢ᠌ᠰᠠ ᠡᠯᠭᠦᠨ ᠱᠠᠯᠠᠪᠳᠠᠭᠤᠯᠤᠨ ᠭᠦᠢ᠍ᠴᠡᠳᠬᠡᠬᠦ ᠵᠢ ᠬᠦᠴᠦᠨ ᠦᠭᠡᠢ ᠪᠣᠯᠭ᠋ᠠᠬᠤ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠫᠠᠢ᠌ᠰᠠ ᠡᠯᠭᠦᠨ ᠱᠠᠯᠠᠪᠳᠠᠭᠤᠯᠤᠨ ᠰᠢᠢ᠍ᠳᠪᠦᠷᠢᠯᠡᠭᠦᠯᠦᠨ᠎ᠡ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠨ ᠴᠣᠬᠣᠯᠠᠪᠤᠷᠢ᠎ᠪᠠᠷ ᠰᠢᠢ᠍ᠳᠪᠦᠷᠢᠯᠡᠬᠦ ᠵᠢ ᠵᠥᠪᠰᠢᠶᠡᠷᠡᠭᠰᠡᠨ᠂ ᠵᠠᠭᠤᠴᠢᠯᠠᠭᠤᠷ᠎ᠤᠨ᠎ᠬᠢᠨ ᠠᠩᠬᠠᠷᠴᠤ ᠢᠯᠡᠴᠢᠯᠡᠭᠰᠡᠨ᠂ ᠤᠯᠠᠨ ᠲᠦᠮᠡᠨ᠎ᠤ ᠲᠤᠰᠬᠠᠯ ᠴᠢᠩᠭ᠎ᠠ ᠠᠮᠢ ᠠᠬᠤᠢ ᠣᠷᠴᠢᠨ ᠲᠣᠭᠣᠷᠢᠨ᠎ᠤ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠨ᠎ᠡ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠢ᠌ᠳᠠᠭᠰᠠᠨ ᠪᠠ ᠥᠪᠡᠷᠲᠡᠭᠡᠨ ᠵᠠᠰᠠᠬᠤ ᠣᠷᠣᠨ᠎ᠤ ᠬᠢᠨᠠᠨ ᠵᠥᠪᠰᠢᠶᠡᠷᠡᠭᠰᠡᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ 《ᠭᠤᠷᠪᠠ ᠵᠢ ᠬᠠᠮᠲᠤᠳᠤᠨᠢ ᠬᠢᠬᠦ》 ᠳᠦᠷᠢᠮ (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠬᠠᠮᠲᠤᠳᠤᠨᠢ ᠵᠢᠷᠤᠭᠯᠠᠨ ᠲᠥᠯᠥᠪᠯᠡᠵᠦ᠂ ᠬᠠᠮᠲᠤᠳᠤᠨᠢ ᠪᠠᠷᠢᠯᠭ᠎ᠠ ᠪᠠᠷᠢᠵᠤ᠂ ᠬᠠᠮᠲᠤᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ)᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ; ᠪᠥᠬᠥ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ 《ᠭᠤᠷᠪᠠ ᠵᠢ ᠬᠠᠮᠲᠤᠳᠤᠨᠢ ᠬᠢᠬᠦ》 ᠵᠢᠴᠢ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ᠎ᠢ ᠵᠢᠯᠣᠭᠣᠳᠤᠨ᠎ᠠ᠃
6. ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠤᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠰᠠᠯᠬᠢᠨ᠎ᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠪᠠ ᠠᠮᠢᠳᠤ ᠪᠣᠳᠠᠰ᠎ᠤᠨ ᠣᠷᠣᠰᠢᠨ ᠠᠮᠢᠳᠤᠷᠠᠬᠤ ᠵᠡᠷᠭᠡ ᠦᠢ᠍ᠯᠡᠴᠢᠯᠡᠭᠡᠨ᠎ᠤ ᠴᠢᠳᠠᠮᠵᠢ ᠵᠢ ᠡᠪᠳᠡᠭᠰᠡᠨ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠣᠬᠢᠷᠠᠭᠤᠯᠤᠭᠰᠠᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃
7. ᠪᠥᠬᠥ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠡᠵᠡᠮᠳᠡᠬᠦ ᠲᠣᠨᠣᠭ ᠲᠥᠬᠦᠭᠡᠷᠦᠮᠵᠢ ᠵᠢᠴᠢ ᠲᠣᠭ᠎ᠠ ᠪᠠᠷᠢᠮᠲᠠ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ᠎ᠡ᠃
8. 12369 ᠤᠲᠠᠰᠤ᠎ᠪᠠᠷ ᠵᠠᠭ᠋ᠠᠯᠳᠤᠬᠤ ᠪᠠ ᠰᠦᠯᠵᠢᠶᠡᠨ ᠳᠡᠭᠡᠷ᠎ᠡ ᠵᠠᠭ᠋ᠠᠯᠳᠤᠬᠤ ᠡᠳᠦᠷ ᠲᠤᠲᠤᠮ᠎ᠤᠨ ᠠᠵᠢᠯ᠎ᠢ ᠡᠭᠦᠷᠭᠡᠯᠡᠵᠦ᠂ ᠪᠥᠬᠥ ᠣᠷᠣᠨ᠎ᠤ 12369 ᠤᠲᠠᠰᠤ᠎ᠪᠠᠷ ᠢᠯᠡᠴᠢᠯᠡᠨ ᠮᠡᠳᠡᠭᠦᠯᠬᠦ᠂ ᠰᠦᠯᠵᠢᠶ᠎ᠡ᠎ᠪᠠᠷ ᠢᠯᠡᠴᠢᠯᠡᠨ ᠮᠡᠳᠡᠭᠦᠯᠬᠦ ᠪᠠ ᠵᠢᠷᠭᠢᠶ᠎ᠡ᠎ᠪᠠᠷ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠬᠤ᠂ ᠰᠢᠯᠵᠢᠭᠦᠯᠦᠨ ᠭᠦᠢ᠍ᠴᠡᠳᠬᠡᠬᠦ᠂ ᠪᠠᠢ᠌ᠴᠠᠭ᠋ᠠᠨ ᠰᠢᠢ᠍ᠳᠪᠦᠷᠢᠯᠡᠬᠦ ᠵᠡᠷᠭᠡ ᠠᠵᠢᠯ᠎ᠢ ᠵᠣᠬᠢᠴᠠᠭᠤᠯᠤᠨ ᠠᠬᠢᠭᠤᠯᠤᠨ᠎ᠠ᠃
9. ᠥᠪᠡᠷᠲᠡᠭᠡᠨ ᠵᠠᠰᠠᠬᠤ ᠣᠷᠣᠨ᠎ᠤ ᠲᠣᠭᠲᠠᠮᠠᠯ ᠬᠤᠭᠤᠴᠠᠭ᠋ᠠᠲᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠬᠠᠮᠵᠢᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠳᠣᠣᠷ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠳᠤᠮᠳᠠ ᠬᠡᠰᠡᠭ᠎ᠤᠨ ᠰᠢᠭᠤᠳ ᠬᠠᠷᠢᠶ᠎ᠠ ᠠᠩᠭᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠷᠠᠭᠤᠨ ᠬᠡᠰᠡᠭ᠎ᠤᠨ ᠰᠢᠭᠤᠳ ᠬᠠᠷᠢᠶ᠎ᠠ ᠠᠩᠭᠢ᠎ᠨᠢ ᠵᠢᠩᠬᠢᠨᠢ ᠭᠠᠵᠠᠷ᠎ᠤᠨ ᠳᠡᠰ᠎ᠤᠨ ᠪᠠᠢ᠌ᠭᠤᠯᠭ᠎ᠠ ᠵᠢᠨ ᠰᠠᠯᠪᠤᠷᠢ ᠪᠠᠢ᠌ᠭᠤᠯᠭ᠎ᠠ ᠪᠣᠯᠣᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠭᠣᠣᠯ ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠭᠠᠵᠠᠷ ᠣᠷᠣᠨ (ᠬᠥᠯᠥᠨ ᠪᠣᠢ᠌ᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ)᠎ᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠮᠢᠶ᠎ᠠ ᠪᠦᠬᠦᠢ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠪᠠ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠵᠤ ᠭᠡᠷᠡᠴᠢ ᠠᠪᠬᠤ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠡᠭᠦᠷᠭᠡᠯᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠤᠮᠳᠠ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠭᠣᠣᠯ ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠎ᠤᠨ ᠭᠠᠵᠠᠷ ᠣᠷᠣᠨ (ᠬᠥᠬᠡᠬᠣᠲᠠ᠂ ᠪᠤᠭᠤᠲᠤ ᠬᠣᠲᠠ᠂ ᠰᠢᠯᠢ ᠵᠢᠨ ᠭᠣᠣᠯ ᠠᠶ᠋ᠢᠮᠠᠭ᠂ ᠤᠯᠠᠭ᠋ᠠᠨᠴᠠᠪ ᠬᠣᠲᠠ)᠎ᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠮᠢᠶ᠎ᠠ ᠪᠦᠬᠦᠢ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠪᠠ ᠬᠠᠤᠯᠢ ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠵᠤ ᠭᠡᠷᠡᠴᠢ ᠠᠪᠬᠤ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠡᠭᠦᠷᠭᠡᠯᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠭᠣᠣᠯ ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠭᠠᠵᠠᠷ ᠣᠷᠣᠨ (ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ)᠎ᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠮᠢᠶ᠎ᠠ ᠪᠦᠬᠦᠢ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠪᠠ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠵᠤ ᠭᠡᠷᠡᠴᠢ ᠠᠪᠬᠤ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠡᠭᠦᠷᠭᠡᠯᠡᠨ᠎ᠡ᠃
ᠳᠣᠲᠣᠭ᠋ᠠᠳᠤ᠎ᠳᠠᠭᠠᠨ ᠲᠣᠬᠢᠷᠠᠭᠤᠯᠤᠭᠰᠠᠨ ᠰᠠᠯᠠᠭ᠎ᠠ ᠲᠠᠰᠤᠭ᠄ ᠠᠯᠪᠠᠨ ᠭᠡᠷ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠭ᠂ ᠶᠡᠷᠦᠩᠬᠡᠢ᠌ᠯᠡᠭᠰᠡᠨ ᠨᠢᠭᠡᠳᠦᠭᠡᠷ ᠲᠠᠰᠤᠭ᠂ ᠶᠡᠷᠦᠩᠬᠡᠢ᠌ᠯᠡᠭᠰᠡᠨ ᠬᠣᠶᠠᠳᠤᠭ᠋ᠠᠷ ᠲᠠᠰᠤᠭ᠂ ᠴᠥᠮ᠎ᠡ ᠪᠠ ᠰᠠᠴᠤᠷᠠᠭ᠎ᠤᠨ ᠬᠠᠤᠯᠢ ᠬᠡᠷᠡᠭᠵᠢᠭᠦᠯᠬᠦ ᠲᠠᠰᠤᠭ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠬᠠᠤᠯᠢ ᠬᠡᠷᠡᠭᠵᠢᠭᠦᠯᠬᠦ ᠲᠠᠰᠤᠭ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠬᠠᠮᠢᠶᠠᠷᠤᠯᠲᠠ ᠵᠢᠨ ᠲᠠᠰᠤᠭ᠃
ᠬᠤᠪᠢᠶᠠᠷᠢ ᠰᠠᠯᠪᠤᠷᠢ ᠪᠠᠢ᠌ᠭᠤᠯᠤᠮᠵᠢ᠄ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠳᠤᠮᠳᠠ ᠬᠡᠰᠡᠭ᠎ᠤᠨ ᠰᠢᠭᠤᠳ ᠬᠠᠷᠢᠶ᠎ᠠ ᠠᠩᠭᠢ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠷᠠᠭᠤᠨ ᠬᠡᠰᠡᠭ᠎ᠤᠨ ᠰᠢᠭᠤᠳ ᠬᠠᠷᠢᠶ᠎ᠠ ᠠᠩᠭᠢ᠃
ᠬᠠᠷᠢᠭᠤᠴᠠᠯᠭ᠋ᠠᠲᠠᠨ᠄ ᠴᠧᠨ ᠵᠢᠶᠦ᠋ᠨ
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ
ᠬᠠᠷᠢᠯᠴᠠᠬᠤ ᠤᠲᠠᠰᠤ᠄ 0471 - 4632175
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00