ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠠᠢ᠌ᠳᠠ ᠵᠢᠨ ᠠᠰᠠᠷᠠᠮᠵᠢ ᠵᠢᠨ ᠨᠢᠭᠡ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
1. ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠮᠡᠷᠭᠡᠵᠢᠯ᠎ᠤᠨ ᠳᠡᠮᠵᠢᠯᠭᠡ ᠪᠠ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠵᠦ᠂ ᠵᠤᠷᠰᠢᠯ᠎ᠤᠨ ᠴᠢᠨᠠᠷᠲᠠᠢ ᠱᠠᠯᠠᠪᠳᠠᠭᠤᠯᠤᠨ ᠪᠠᠢ᠌ᠴᠠᠭ᠋ᠠᠬᠤ᠂ 《ᠡᠷᠬᠢᠨ ᠬᠠᠷᠠᠬᠤ》 ᠱᠠᠯᠠᠪᠳᠠᠭᠤᠯᠤᠨ ᠪᠠᠢ᠌ᠴᠠᠭ᠋ᠠᠬᠤ ᠵᠢᠴᠢ ᠲᠤᠰᠬᠠᠢ ᠵᠦᠢ᠍ᠯ ᠵᠶ᠋ᠡᠷ ᠱᠠᠯᠠᠪᠳᠠᠭᠤᠯᠤᠨ ᠪᠠᠢ᠌ᠴᠠᠭ᠋ᠠᠵᠤ ᠵᠣᠬᠢᠴᠠᠭᠤᠯᠤᠨ ᠪᠠᠲᠤᠯᠠᠬᠤ᠂ ᠱᠠᠯᠠᠪᠳᠠᠭᠤᠯᠬᠤ ᠵᠢᠨ ᠳᠠᠭ᠋ᠠᠤ ᠰᠠᠢ᠌ᠵᠢᠷᠠᠭᠤᠯᠬᠤ ᠪᠠ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠡᠷᠭᠡ ᠠᠵᠢᠯ᠎ᠤᠨ ᠲᠥᠰᠥᠯ᠎ᠤᠨ ᠰᠠᠨᠠᠭᠤᠯᠭ᠎ᠠ ᠵᠢ ᠬᠠᠪᠰᠤᠷᠤᠨ ᠳᠤᠷᠠᠳᠴᠤ᠂ ᠡᠯ᠎ᠡ ᠠᠶ᠋ᠢᠮᠠᠭ ᠬᠣᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠬᠤ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠨ᠎ᠠ᠃
2. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ᠂ ᠴᠡᠭᠴᠡᠯᠡᠨ ᠰᠠᠢ᠌ᠵᠢᠷᠠᠭᠤᠯᠬᠤ ᠵᠢᠨ ᠮᠡᠷᠭᠡᠵᠢᠯ᠎ᠤᠨ ᠳᠡᠮᠵᠢᠯᠭᠡ ᠪᠠ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠵᠦ᠂ ᠱᠠᠯᠠᠪᠳᠠᠭᠤᠯᠤᠨ ᠪᠠᠢ᠌ᠴᠠᠭ᠋ᠠᠬᠤ ᠲᠥᠯᠦᠪᠵᠢᠭᠦᠯᠭᠡ᠂ ᠣᠨ᠎ᠤ ᠲᠥᠯᠥᠪᠯᠡᠭᠡ᠂ ᠱᠠᠯᠠᠪᠳᠠᠭᠤᠯᠤᠨ ᠪᠠᠢ᠌ᠴᠠᠭ᠋ᠠᠬᠤ ᠲᠥᠰᠥᠯ ᠵᠡᠷᠭᠡ ᠠᠵᠢᠯ᠎ᠤᠨ ᠰᠠᠨᠠᠭᠤᠯᠭ᠎ᠠ ᠵᠢ ᠬᠠᠪᠰᠤᠷᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ᠂ ᠲᠤᠰᠬᠠᠢ ᠵᠦᠢ᠍ᠯ ᠵᠶ᠋ᠡᠷ ᠱᠠᠯᠠᠪᠳᠠᠭᠤᠯᠤᠨ ᠪᠠᠢ᠌ᠴᠠᠭ᠋ᠠᠬᠤ᠂ ᠲᠣᠮᠢᠯᠠᠨ ᠰᠠᠭᠤᠯᠭ᠋ᠠᠵᠤ ᠱᠠᠯᠠᠪᠳᠠᠭᠤᠯᠤᠨ ᠪᠠᠢ᠌ᠴᠠᠭ᠋ᠠᠬᠤ ᠬᠠᠮᠢᠶ᠎ᠠ ᠪᠦᠬᠦᠢ ᠠᠵᠢᠯ᠎ᠢ ᠬᠠᠪᠰᠤᠷᠤᠨ ᠰᠠᠶ᠋ᠢᠲᠤᠷ ᠬᠢᠨ᠎ᠡ᠃
3. ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ ᠵᠢᠨ ᠪᠦᠬᠦᠯᠢ ᠴᠣᠭᠴᠠ᠂ ᠣᠷᠣᠨ ᠪᠦᠰᠡ᠂ ᠲᠤᠰᠬᠠᠢ ᠵᠦᠢ᠍ᠯ ᠪᠠ ᠲᠠᠩ ᠵᠦᠢ᠍ᠯ᠎ᠤᠨ ᠦᠨᠡᠯᠡᠨ ᠵᠢᠱ᠌ᠢᠬᠦ ᠠᠵᠢᠯ᠎ᠢ ᠡᠭᠦᠷᠭᠡᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠢ ᠦᠨᠡᠯᠡᠨ ᠵᠢᠱ᠌ᠢᠬᠦ ᠵᠢ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠥᠷᠥ ᠵᠢᠨ ᠪᠣᠳᠣᠯᠭ᠎ᠠ ᠵᠢᠨ ᠳᠦᠷᠢᠮ᠎ᠤᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠰᠠᠨᠠᠭᠤᠯᠭ᠎ᠠ ᠵᠢ ᠳᠤᠷᠠᠳᠤᠨ ᠭᠠᠷᠭ᠋ᠠᠨ᠎ᠠ᠃
4. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠵᠤ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠎ᠢ ᠬᠠᠮᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠠᠯ᠎ᠠ ᠵᠢᠨ ᠡᠳᠦᠷ ᠲᠤᠲᠤᠮ᠎ᠤᠨ ᠬᠢᠨᠠᠯᠲᠠ ᠲᠠᠯᠪᠢᠬᠤ᠂ ᠪᠠᠢ᠌ᠴᠠᠭ᠋ᠠᠬᠤ ᠵᠢᠨ ᠵᠠᠰᠠᠭ ᠵᠠᠬᠢᠷᠭ᠋ᠠᠨ᠎ᠤ ᠲᠤᠰᠠᠯᠠᠮᠵᠢ ᠪᠠ ᠮᠡᠷᠭᠡᠵᠢᠯ᠎ᠤᠨ ᠳᠡᠮᠵᠢᠯᠡᠬᠡ ᠵᠢᠨ ᠠᠵᠢᠯ᠎ᠢ ᠰᠠᠢ᠌ᠲᠤᠷ ᠬᠢᠨ᠎ᠡ᠃
5. ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠳᠣᠲᠣᠭ᠋ᠠᠳᠤ᠎ᠳᠠᠭᠠᠨ ᠲᠣᠬᠢᠷᠠᠭᠤᠯᠤᠭᠰᠠᠨ ᠰᠠᠯᠠᠭ᠎ᠠ ᠲᠠᠰᠤᠭ᠄ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠲᠤᠬᠠᠢ᠌ᠯᠠᠭᠰᠠᠨ ᠠᠵᠢᠯ᠎ᠤᠨ ᠰᠠᠯᠠᠭ᠎ᠠ᠂ ᠱᠠᠯᠠᠪᠳᠠᠭᠤᠯᠤᠨ ᠪᠠᠢ᠌ᠴᠠᠭ᠋ᠠᠵᠤ ᠦᠨᠡᠯᠡᠨ ᠵᠢᠱ᠌ᠢᠬᠦ ᠰᠠᠯᠠᠭ᠎ᠠ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠰᠠᠯᠠᠭ᠎ᠠ
ᠬᠠᠷᠢᠭᠤᠴᠠᠯᠭ᠋ᠠᠲᠠᠨ᠄ ᠴᠧᠨ ᠢᠦᠢ
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ
ᠬᠠᠷᠢᠯᠴᠠᠬᠤ ᠤᠲᠠᠰᠤ᠄ 0471 - 4632919
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠦᠳᠡ ᠵᠢᠨ ᠬᠣᠢ᠌ᠨ᠎ᠠ 13᠄ 30 — 17᠄ 00