ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠠᠷᠢᠶᠠᠯᠠᠭᠳᠠᠬᠤ ᠨᠠᠢ᠌ᠳᠠ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠂ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠯᠦᠪᠵᠢᠭᠦᠯᠭᠡ ᠵᠢᠴᠢ ᠲᠥᠯᠥᠪᠯᠡᠭᠡ᠂ ᠬᠢᠨᠠᠨ ᠬᠡᠮᠵᠢᠬᠦ ᠪᠠᠷᠢᠮᠵᠢᠶ᠎ᠠ ᠵᠢᠴᠢ ᠠᠷᠭ᠎ᠠ ᠵᠢ ᠲᠤᠭᠤᠷᠪᠢᠬᠤ᠎ᠳᠤ ᠣᠷᠣᠯᠴᠠᠨ᠎ᠠ᠃ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠌ᠯᠡᠨ ᠵᠠᠳᠠᠯᠬᠤ᠂ ᠦᠨᠡᠯᠡᠬᠦ ᠪᠠ ᠣᠷᠴᠢᠨ ᠲᠣᠭᠣᠷᠢᠨ᠎ᠤ ᠪᠦᠷᠢᠳᠬᠡᠯ᠎ᠤᠨ ᠮᠡᠷᠭᠡᠵᠢᠯ᠎ᠤᠨ ᠳᠡᠮᠵᠢᠯᠭᠡ ᠵᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠤᠪᠢᠷᠠᠯᠲᠠ ᠵᠢᠨ ᠬᠠᠨᠳᠤᠰᠢ ᠵᠢᠨ ᠰᠤᠳᠤᠯᠭ᠋ᠠᠨ᠎ᠢ ᠵᠣᠬᠢᠶᠠᠨ ᠪᠠᠢ᠌ᠭᠤᠯᠤᠨ᠎ᠠ᠃ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠮᠡᠳᠡᠭᠡ ᠵᠠᠩᠭᠢᠵᠢᠯᠲᠠ ᠵᠢᠨ ᠬᠠᠮᠢᠶ᠎ᠠ ᠪᠦᠬᠦᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ᠎ᠡ᠃
(ᠬᠣᠶᠠᠷ) ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠢ ᠪᠠᠲᠤᠯᠠᠬᠤ ᠪᠠ ᠶᠠᠰᠤ ᠴᠢᠨᠠᠷ᠎ᠢ ᠡᠵᠡᠮᠳᠡᠬᠦ᠂ ᠨᠡᠢ᠌ᠭᠡᠮ᠎ᠤᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠠ ᠠᠵᠢᠯᠯᠠᠭᠤᠯᠵᠤ ᠪᠠᠲᠤᠯᠠᠬᠤ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ᠃ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠠᠵᠢᠯ᠎ᠤᠨ ᠮᠡᠷᠭᠡᠵᠢᠯ᠎ᠤᠨ ᠵᠢᠯᠣᠭᠣᠳᠤᠯᠭ᠎ᠠ᠂ ᠪᠣᠯᠪᠠᠰᠤᠷᠠᠯ ᠬᠢᠭᠡᠳ ᠰᠣᠯᠢᠯᠴᠠᠭ᠎ᠠ ᠵᠢ ᠡᠭᠦᠷᠭᠡᠯᠡᠨ᠎ᠡ᠃ ᠪᠥᠬᠥ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢᠳᠤ ᠬᠢᠨᠠᠯᠲᠠ ᠲᠠᠯᠪᠢᠨ ᠬᠢᠨᠠᠨ ᠬᠡᠮᠵᠢᠬᠦ᠂ ᠪᠣᠬᠢᠷᠲᠤᠯ᠎ᠤᠨ ᠡᠬᠢ ᠵᠢᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠵᠢᠨ ᠶᠠᠰᠤ ᠴᠢᠨᠠᠷ᠎ᠢ ᠬᠠᠷᠭᠤᠭᠤᠯᠤᠨ ᠪᠠᠢ᠌ᠴᠠᠭ᠋ᠠᠬᠤ ᠪᠠ ᠰᠤᠭᠤᠴᠢᠨ ᠬᠡᠮᠵᠢᠬᠦ ᠵᠢ ᠡᠭᠦᠷᠭᠡᠯᠡᠨ᠎ᠡ᠃
(ᠭᠤᠷᠪᠠ) ᠪᠥᠬᠥ ᠣᠷᠣᠨ᠎ᠤ ᠠᠮᠢ ᠠᠬᠤᠢ ᠵᠢᠨ ᠬᠢᠨᠠᠨ ᠬᠡᠮᠵᠢᠬᠦ ᠰᠦᠯᠵᠢᠶ᠎ᠡ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ᠃ ᠪᠥᠬᠥ ᠣᠷᠣᠨ᠎ᠤ ᠠᠮᠢ ᠠᠬᠤᠢ ᠵᠢᠨ ᠠᠯᠤᠰ ᠰᠡᠷᠡᠯ᠎ᠤᠨ ᠬᠢᠨᠠᠨ ᠬᠡᠮᠵᠢᠯᠲᠡ᠂ ᠠᠮᠢ ᠠᠬᠤᠢ ᠵᠢᠨ ᠭᠠᠵᠠᠷ ᠳᠡᠭᠡᠷᠡᠬᠢ ᠬᠢᠨᠠᠨ ᠬᠡᠮᠵᠢᠯᠲᠡ ᠬᠢᠭᠡᠳ ᠦᠨᠡᠯᠡᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠠᠮᠢᠳᠤ ᠪᠣᠳᠠᠰ᠎ᠤᠨ ᠬᠢᠨᠠᠨ ᠬᠡᠮᠵᠢᠯᠲᠡ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠠᠢ᠌ᠴᠠᠭ᠋ᠠᠯᠲᠠ ᠪᠠ ᠦᠨᠡᠯᠡᠯᠲᠡ ᠵᠢ ᠥᠷᠨᠢᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ᠂ ᠨᠥᠬᠥᠪᠦᠷᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ᠃
(ᠳᠥᠷᠪᠡ) ᠪᠥᠬᠥ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠣᠣᠷ᠎ᠤᠨ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ᠃ ᠪᠥᠬᠥ ᠣᠷᠣᠨ᠎ᠤ ᠭᠠᠵᠠᠷ ᠳᠡᠭᠡᠷᠡᠬᠢ ᠤᠰᠤ ᠵᠢᠴᠢ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠤᠯᠤᠰ᠎ᠤᠨ ᠬᠢᠯᠢ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠦᠨᠡᠯᠡᠬᠦ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠭᠣᠣᠯᠳᠠᠯᠭ᠎ᠠ᠎ᠲᠠᠢ ᠭᠣᠣᠯ ᠨᠠᠭᠤᠷ᠎ᠤᠨ ᠤᠰᠤᠨ᠎ᠤ ᠠᠮᠢ ᠠᠬᠤᠢ ᠵᠢ ᠬᠢᠨᠠᠨ ᠬᠡᠮᠵᠢᠵᠦ ᠦᠨᠡᠯᠡᠬᠦ ᠵᠢ ᠥᠷᠨᠢᠭᠦᠯᠵᠦ᠂ ᠪᠥᠬᠥ ᠣᠷᠣᠨ᠎ᠤ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠡᠷᠡᠮᠵᠢᠯᠡᠭᠦᠯᠬᠦ ᠵᠢᠴᠢ ᠦᠨᠡᠯᠡᠨ ᠵᠠᠳᠠᠯᠬᠤ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
(ᠲᠠᠪᠤ) ᠪᠥᠬᠥ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠲᠣᠣᠷ ᠬᠢᠭᠡᠳ ᠮᠠᠰᠢᠨᠲᠤ ᠲᠡᠷᠭᠡᠨ᠎ᠤ ᠰᠡᠭᠦᠯ᠎ᠤᠨ ᠬᠡᠢ ᠵᠢ ᠬᠢᠨᠠᠨ ᠬᠡᠮᠵᠢᠵᠦ ᠦᠨᠡᠯᠡᠬᠦ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠨ᠎ᠡ᠃ ᠪᠥᠬᠥ ᠣᠷᠣᠨ᠎ᠤ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠪᠠ ᠦᠨᠡᠯᠡᠬᠦ᠂ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠢᠴᠢ ᠠᠭ᠋ᠠᠷ ᠮᠠᠨᠳᠠᠯ᠎ᠤᠨ ᠬᠦᠨᠳᠦ ᠪᠣᠬᠢᠷᠲᠤᠯ᠎ᠤᠨ ᠶᠠᠪᠤᠴᠠ ᠵᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
(ᠵᠢᠷᠭᠤᠭ᠎ᠠ) ᠪᠥᠬᠥ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ ᠪᠣᠳᠠᠰ᠎ᠢ ᠬᠢᠨᠠᠨ ᠬᠡᠮᠵᠢᠬᠦ ᠪᠠ ᠦᠨᠡᠯᠡᠬᠦ᠂ ᠭᠠᠵᠠᠷ ᠳᠣᠣᠷᠠᠬᠢ ᠤᠰᠤᠨ᠎ᠤ ᠤᠰᠤᠨ᠎ᠤ ᠴᠢᠨᠠᠷ᠎ᠢ ᠬᠢᠨᠠᠨ ᠬᠡᠮᠵᠢᠵᠦ ᠦᠨᠡᠯᠡᠬᠦ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠤᠨ ᠵᠢᠯᠣᠭᠣᠳᠤᠯᠭ᠎ᠠ ᠪᠠ ᠵᠠᠳᠠᠯᠤᠯᠲᠠ ᠦᠨᠡᠯᠡᠯᠲᠡ ᠵᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠣᠣᠷ᠎ᠤᠨ ᠮᠡᠷᠭᠡᠵᠢᠯ᠎ᠤᠨ ᠲᠤᠯᠭ᠋ᠠᠭᠤᠷᠢᠯᠠᠯ ᠪᠠ ᠵᠢᠯᠣᠭᠣᠳᠤᠯᠭ᠎ᠠ ᠵᠢ ᠡᠭᠦᠷᠭᠡᠯᠡᠨ᠎ᠡ᠃
(ᠲᠤᠯᠤᠭ᠎ᠠ) ᠪᠥᠬᠥ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ᠂ ᠲᠤᠷᠰᠢᠯᠲᠠ ᠵᠢᠨ ᠲᠠᠰᠤᠭ᠎ᠲᠤ ᠵᠠᠳᠠᠯᠤᠯᠲᠠ ᠬᠢᠵᠦ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠳᠡᠮᠵᠢᠯᠭᠡ ᠵᠢ ᠡᠭᠦᠷᠭᠡᠯᠡᠨ᠎ᠡ
(ᠨᠠᠢ᠍ᠮᠠ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠬᠢᠨᠠᠨ ᠬᠡᠮᠵᠢᠯᠲᠡ ᠵᠢ ᠡᠭᠦᠷᠭᠡᠯᠡᠨ᠎ᠡ᠃ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ ᠪᠠᠢ᠌ᠴᠠᠭ᠋ᠠᠬᠤ᠂ ᠬᠥᠷᠥᠰᠥ ᠰᠢᠷᠣᠢ ᠵᠢᠨ ᠪᠣᠬᠢᠷᠲᠤᠯ᠎ᠤᠨ ᠪᠠᠶ᠋ᠢᠳᠠᠯ᠎ᠢ ᠨᠠᠷᠢᠨ ᠪᠠᠢ᠌ᠴᠠᠭ᠋ᠠᠬᠤ ᠵᠡᠷᠭᠡ ᠠᠮᠢ ᠠᠬᠤᠢ ᠣᠷᠴᠢᠨ ᠲᠣᠭᠣᠷᠢᠨ᠎ᠤ ᠳᠦᠷᠦᠯ᠎ᠤᠨ ᠴᠢᠬᠤᠯᠠ ᠶᠡᠬᠡ ᠲᠤᠰᠬᠠᠢ ᠵᠦᠢ᠍ᠯᠡᠰ᠎ᠢ ᠲᠣᠬᠢᠷᠠᠭᠤᠯᠬᠤ (ᠨᠡᠢ᠌ᠳᠡᠮ ᠪᠠᠢ᠌ᠴᠠᠭ᠋ᠠᠬᠤ) ᠪᠠᠢ᠌ᠴᠠᠭ᠋ᠠᠯᠲᠠ᠎ᠳᠤ ᠣᠷᠣᠯᠴᠠᠨ᠎ᠠ᠃
(ᠶᠢᠰᠦ) ᠤᠯᠠᠨ ᠤᠯᠤᠰ᠎ᠤᠨ ᠨᠠᠢ᠌ᠳᠠ ᠵᠢᠨ ᠭᠡᠷ᠎ᠡ᠂ ᠬᠡᠯᠡᠯᠴᠡᠭᠡᠷ ᠵᠢᠴᠢ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠤᠨ ᠲᠤᠰᠬᠠᠢ ᠲᠥᠷᠥᠯ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠳᠠᠭ᠋ᠠᠭ᠋ᠠᠨ ᠭᠦᠢ᠍ᠴᠡᠳᠬᠡᠨ᠎ᠡ᠃
(ᠠᠷᠪᠠ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠤᠰᠢᠶᠠᠭᠰᠠᠨ ᠪᠤᠰᠤᠳ ᠠᠵᠢᠯ᠎ᠢ ᠪᠡᠶᠡᠯᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠳᠣᠣᠷ᠎ᠠ 12 ᠳᠡᠳ᠋ ᠭᠠᠵᠠᠷ᠎ᠤᠨ ᠳᠡᠰ᠎ᠤᠨ ᠰᠠᠯᠪᠤᠷᠢ ᠪᠠᠢ᠌ᠭᠤᠯᠤᠮᠵᠢ ᠭᠠᠷᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠂ ᠪᠤᠭᠤᠲᠤ ᠵᠢᠨ ᠬᠤᠪᠢᠶᠠᠷᠢ ᠥᠷᠲᠡᠭᠡ᠂ ᠬᠥᠯᠥᠨ ᠪᠣᠢ᠌ᠷ᠎ᠤᠨ ᠬᠤᠪᠢᠶᠠᠷᠢ ᠥᠷᠲᠡᠭᠡ᠂ ᠬᠢᠩᠭ᠋ᠠᠨ ᠬᠤᠪᠢᠶᠠᠷᠢ ᠥᠷᠲᠡᠭᠡ᠂ ᠲᠦᠩᠯᠢᠶᠣᠣ ᠵᠢᠨ ᠬᠤᠪᠢᠶᠠᠷᠢ ᠥᠷᠲᠡᠭᠡ᠂ ᠤᠯᠠᠭ᠋ᠠᠨᠬᠠᠳᠠ ᠵᠢᠨ ᠬᠤᠪᠢᠶᠠᠷᠢ ᠥᠷᠲᠡᠭᠡ᠂ ᠰᠢᠯᠢ ᠵᠢᠨ ᠭᠣᠣᠯ᠎ᠤᠨ ᠬᠤᠪᠢᠶᠠᠷᠢ ᠥᠷᠲᠡᠭᠡ᠂ ᠤᠯᠠᠭ᠋ᠠᠨᠴᠠᠪ᠎ᠤᠨ ᠬᠤᠪᠢᠶᠠᠷᠢ ᠥᠷᠲᠡᠭᠡ᠂ ᠣᠷᠳᠣᠰ᠎ᠤᠨ ᠬᠤᠪᠢᠶᠠᠷᠢ ᠥᠷᠲᠡᠭᠡ᠂ ᠪᠠᠶᠠᠨᠨᠠᠭᠤᠷ᠎ᠤᠨ ᠬᠤᠪᠢᠶᠠᠷᠢ ᠥᠷᠲᠡᠭᠡ᠂ ᠦᠬᠠᠢ ᠵᠢᠨ ᠬᠤᠪᠢᠶᠠᠷᠢ ᠥᠷᠲᠡᠭᠡ᠂ ᠠᠯᠠᠱ᠌ᠠ ᠵᠢᠨ ᠬᠤᠪᠢᠶᠠᠷᠢ ᠥᠷᠲᠡᠭᠡ ᠪᠣᠯᠣᠨ᠎ᠠ᠃ ᠭᠣᠣᠯ ᠡᠭᠦᠷᠭᠡ ᠬᠠᠷᠢᠭᠤᠴᠠᠯᠭ᠎ᠠ ᠪᠣᠯ᠄ ᠬᠠᠷᠢᠶ᠎ᠠ ᠣᠷᠣᠨ᠎ᠤ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠵᠢᠴᠢ ᠤᠷᠢᠳᠴᠢᠯᠠᠨ ᠰᠡᠷᠡᠮᠵᠢᠯᠡᠭᠦᠯᠬᠦ ᠵᠢ ᠡᠭᠦᠷᠭᠡᠯᠡᠵᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢ ᠡᠭᠦᠷᠭᠡᠯᠡᠵᠦ᠂ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢᠳᠤ ᠬᠢᠨᠠᠯᠲᠠ ᠲᠠᠯᠪᠢᠬᠤ ᠴᠢᠨᠠᠷᠲᠠᠢ ᠬᠢᠨᠠᠨ ᠬᠡᠮᠵᠢᠯᠲᠡ᠂ ᠪᠣᠬᠢᠷᠲᠤᠯ᠎ᠤᠨ ᠡᠬᠢ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠶᠠᠰᠤ ᠴᠢᠨᠠᠷ᠎ᠢ ᠬᠢᠨᠠᠨ ᠪᠠᠢ᠌ᠴᠠᠭ᠋ᠠᠬᠤ ᠪᠠ ᠰᠤᠭᠤᠴᠢᠨ ᠬᠡᠮᠵᠢᠬᠦ ᠵᠢ ᠥᠷᠨᠢᠭᠦᠯᠦᠨ᠎ᠡ᠃ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶ᠎ᠡ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠬᠠᠮᠢᠶᠠᠷᠬᠤ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠬᠦᠷᠢᠶᠡᠨ᠎ᠳᠠᠬᠢ ᠮᠡᠷᠭᠡᠵᠢᠯ᠎ᠤᠨ ᠰᠤᠳᠤᠯᠭ᠋ᠠᠨ᠎ᠳᠤ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠪᠠ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠳᠤ ᠳᠡᠮᠵᠢᠯᠭᠡ ᠬᠠᠩᠭ᠋ᠠᠵᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠠᠢ᠌ᠳᠠᠭᠰᠠᠨ ᠨᠠᠢ᠌ᠳᠠ ᠵᠢᠨ ᠠᠰᠠᠷᠠᠮᠵᠢ ᠵᠢᠨ ᠲᠥᠷᠥᠯ᠎ᠤᠨ ᠬᠢᠨᠠᠨ ᠬᠡᠮᠵᠢᠬᠦ ᠡᠭᠦᠷᠭᠡ ᠵᠢ ᠡᠭᠦᠷᠭᠡᠯᠡᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠭᠣᠣᠯᠳᠠᠯᠭ᠎ᠠ᠎ᠲᠠᠢ ᠠᠵᠢᠯ᠎ᠢ ᠬᠠᠷᠢᠭᠤᠴᠠᠨ᠎ᠠ᠃
ᠳᠣᠲᠣᠭ᠋ᠠᠳᠤ ᠰᠠᠯᠠᠭ᠎ᠠ ᠲᠠᠰᠤᠭ᠄ ᠠᠯᠪᠠᠨ ᠭᠡᠷ᠂ ᠨᠠᠮ᠎ᠤᠨ ᠪᠠᠢ᠌ᠭᠤᠯᠤᠯᠲᠠ ᠬᠢᠭᠡᠳ ᠠᠵᠢᠯᠲᠠᠨ᠎ᠤ ᠶᠠᠪᠤᠳᠠᠯ᠎ᠤᠨ ᠭᠠᠵᠠᠷ (ᠴᠠᠭᠳᠠᠨ ᠪᠠᠢ᠌ᠴᠠᠭ᠋ᠠᠬᠤ ᠠᠯᠪᠠᠨ ᠭᠡᠷ)᠂ ᠶᠡᠷᠦᠩᠬᠡᠢ᠌ᠯᠡᠨ ᠦᠨᠡᠯᠡᠬᠦ ᠲᠠᠰᠤᠭ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠲᠠᠰᠤᠭ᠂ ᠠᠮᠢ ᠠᠬᠤᠢ ᠵᠢᠨ ᠬᠢᠨᠠᠨ ᠬᠡᠮᠵᠢᠬᠦ ᠲᠠᠰᠤᠭ᠂ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠬᠦ ᠲᠠᠰᠤᠭ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠠᠰᠤᠭ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠠᠰᠤᠭ᠂ ᠲᠤᠷᠰᠢᠯᠲᠠ ᠵᠢᠨ ᠲᠥᠪ
ᠥᠷᠲᠡᠭᠡᠨ ᠳᠠᠷᠤᠭ᠎ᠠ᠄ ᠲᠢᠶᠠᠨ ᠶᠦᠩ ᠯᠢ
ᠠᠵᠢᠯᠯᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ 39 ᠳ᠋ᠦ᠍ᠭᠡᠷ ᠨᠣᠮᠧᠷ
ᠬᠠᠷᠢᠯᠴᠠᠬᠤ ᠤᠲᠠᠰᠤ᠄ 0471-4632092
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ᠄ 9᠄ 00 — 12᠄ 00 ᠦᠳᠡ ᠵᠢᠨ ᠬᠣᠢ᠌ᠨ᠎ᠠ᠄ 13᠄ 30 — 17᠄ 00