ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠴᠢᠨᠠᠭᠰᠢᠳᠠ ᠪᠡᠬᠢᠵᠢᠭᠦᠯᠦᠨ ᠥᠷᠭᠡᠳᠬᠡᠵᠦ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠳᠠᠪᠲᠠᠨ ᠪᠣᠯᠪᠠᠰᠤᠷᠠᠭᠤᠯᠵᠤ᠂ ᠨᠠᠮ᠎ᠤᠨ ᠠᠵᠢᠯ᠎ᠤᠨ ᠺᠠᠳ᠋ᠷ᠎ᠤᠨ ᠤᠨᠤᠯ᠎ᠤᠨ ᠪᠣᠯᠪᠠᠰᠤᠷᠠᠯ ᠪᠣᠯᠣᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠲᠡᠭᠡᠭᠰᠢᠯᠡᠬᠦᠯᠬᠦ ᠵᠢᠨ ᠲᠥᠯᠥᠭᠡ᠂ ᠣᠢ᠌ᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠠᠵᠢᠯ᠎ᠤᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠠᠩᠭᠢ ᠵᠢᠩᠭ᠋ᠠᠩᠱ᠌ᠠᠨ᠎ᠳᠤ ᠠᠮᠵᠢᠯᠲᠠ᠎ᠲᠠᠢ ᠶᠠᠪᠤᠭᠳᠠᠪᠠ᠃
ᠪᠣᠯᠪᠠᠰᠤᠷᠠᠯ᠎ᠤᠨ ᠬᠤᠭᠤᠴᠠᠭ᠋ᠠᠨ᠎ᠳᠤ᠂ ᠡᠯ᠎ᠡ ᠲᠤᠰᠬᠠᠢ ᠮᠡᠷᠭᠡᠵᠢᠯᠲᠡᠨ ᠫᠷᠣᠹᠧᠰᠰᠣᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠵᠢᠩᠭ᠋ᠠᠩᠱ᠌ᠠᠨ᠎ᠤ ᠲᠡᠮᠡᠴᠡᠯ ᠪᠣᠯᠣᠨ ᠵᠢᠩᠭ᠋ᠠᠩᠱ᠌ᠠᠨ᠎ᠤ ᠵᠣᠷᠢᠭ ᠰᠠᠨᠠᠭ᠎ᠠ ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 ᠵᠡᠷᠭᠡ ᠠᠭᠤᠯᠭ᠎ᠠ ᠵᠢ ᠪᠦᠬᠦ ᠲᠠᠯ᠎ᠠ᠎ᠪᠠᠷ ᠰᠢᠰᠲ᠋ᠧᠮ᠎ᠲᠠᠢ ᠲᠠᠢ᠌ᠯᠪᠤᠷᠢᠯᠠᠪᠠ᠃ ᠡᠭᠦᠨ᠎ᠤ ᠬᠠᠮᠲᠤ ᠵᠢᠩᠭ᠋ᠠᠩᠱ᠌ᠠᠨ᠎ᠤ ᠬᠤᠪᠢᠰᠬᠠᠯ᠎ᠤᠨ ᠮᠦᠽᠧᠢ᠂ ᠮᠠᠤ ᠽᠦ᠍ ᠳ᠋ᠦᠩ ᠨᠥᠬᠥᠷ᠎ᠤᠨ ᠬᠠᠭᠤᠴᠢᠨ ᠰᠠᠭᠤᠴᠠ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠬᠤᠸᠠᠩ ᠶᠠᠩ ᠵᠢᠶᠧ ᠵᠢᠨ ᠬᠠᠷᠠᠭᠤᠯ᠎ᠤᠨ ᠭᠠᠵᠠᠷ᠂ ᠮᠤᠤᠫᠢᠩᠤᠨ ᠨᠠᠢ᠍ᠮᠠᠨ ᠥᠨᠴᠥᠭᠲᠦ ᠠᠰᠠᠷ᠂ ᠰᠢᠶᠣᠣ ᠵᠢᠩ᠎ᠤᠨ ᠤᠯᠠᠭ᠋ᠠᠨ ᠴᠡᠷᠢᠭ᠎ᠤᠨ ᠡᠮᠨᠡᠯᠭᠡ ᠵᠢᠨ ᠬᠣᠷᠢᠶ᠎ᠠ ᠵᠡᠷᠭᠡ ᠭᠠᠵᠠᠷ᠎ᠲᠤ ᠬᠦᠷᠴᠦ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠵᠢ ᠥᠷᠨᠢᠭᠦᠯᠵᠡᠢ᠃
ᠳᠠᠷᠢ ᠵᠢᠨ ᠤᠲᠤᠭ᠎ᠠ ᠬᠡᠳᠦᠢ᠌ᠪᠡᠷ ᠨᠢᠭᠡᠨᠲᠡ ᠰᠠᠷᠨᠢᠨ ᠲᠠᠷᠬᠠᠭᠰᠠᠨ ᠪᠣᠯᠪᠠᠴᠤ᠂ ᠣᠶᠤᠨ ᠰᠠᠨᠠᠭ᠎ᠠ᠎ᠨᠢ ᠤᠯᠠᠮ᠎ᠠᠴᠠ ᠤᠯᠠᠮ ᠰᠢᠨᠡᠳᠦᠨ ᠲᠠᠪᠰᠢᠨ᠎ᠠ᠃ ᠲᠣᠰ ᠤᠳᠠᠭ᠋ᠠᠨ᠎ᠤ ᠪᠣᠯᠪᠠᠰᠤᠷᠠᠯ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ᠂ ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠨ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠤᠷᠤᠯᠭ᠋ᠠᠲᠠᠳ ᠰᠠᠨᠠᠯ ᠨᠢᠭᠡᠲᠡᠢ ᠢᠯᠡᠳᠬᠡᠪᠡ᠃