ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ 《ᠬᠤᠪᠢᠰᠬᠠᠯᠲᠤ ᠳᠠᠭᠤᠤ᠎ᠪᠠᠨ ᠳᠠᠭᠤᠯᠠᠵᠤ ᠨᠠᠮ᠎ᠤᠨ ᠠᠴᠢ᠎ᠳᠤ ᠲᠠᠯᠠᠷᠬᠠᠵᠤ ᠨᠠᠮ ᠵᠶ᠋ᠡᠨ᠎ᠲᠠᠭᠠᠨ ᠤᠷᠤᠭᠰᠢᠯᠠᠬᠤ》 ᠨᠠᠢ᠌ᠷᠠᠯ ᠳᠠᠭᠤᠤ ᠵᠢᠨ ᠤᠷᠤᠯᠳᠤᠭ᠋ᠠᠨ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-10-31

      ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠵᠦ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠺᠠᠳ᠋ᠷ ᠠᠵᠢᠯᠲᠠᠨ᠎ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠬᠦᠴᠦᠯᠡᠨ ᠴᠢᠷᠮᠠᠢ᠌ᠵᠤ ᠦᠢ᠍ᠯᠡᠰ ᠪᠦᠲᠦᠭᠡᠬᠦ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠬᠦ ᠵᠢᠨ ᠲᠥᠯᠥᠭᠡ᠂ 9 ᠰᠠᠷ᠎ᠠ ᠵᠢᠨ 27᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ 《ᠬᠤᠪᠢᠰᠬᠠᠯᠲᠤ ᠳᠠᠭᠤᠤ᠎ᠪᠠᠨ ᠳᠠᠭᠤᠯᠠᠵᠤ ᠨᠠᠮ᠎ᠤᠨ ᠠᠴᠢ᠎ᠳᠤ ᠲᠠᠯᠠᠷᠬᠠᠵᠤ ᠨᠠᠮ ᠵᠶ᠋ᠡᠨ᠎ᠲᠠᠭᠠᠨ ᠤᠷᠤᠭᠰᠢᠯᠠᠬᠤ》 ᠬᠤᠪᠢᠰᠬᠠᠯᠲᠤ ᠳᠠᠭᠤᠤ ᠵᠢᠨ ᠨᠠᠢ᠌ᠷᠠᠯ ᠳᠠᠭᠤᠤ ᠵᠢᠨ ᠤᠷᠤᠯᠳᠤᠭ᠋ᠠᠨ᠎ᠢ ᠦᠪᠡᠳᠡᠭᠰᠢ ᠶᠡᠬᠡ᠎ᠪᠠᠷ ᠶᠠᠪᠤᠭᠳᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠠᠷᠤᠭ᠎ᠠ ᠪᠦ᠋ ᠹᠧᠩ ᠢ ᠮᠣᠷᠢᠯᠠᠨ ᠰᠠᠭ᠋ᠠᠲᠠᠵᠤ ᠵᠢᠭ᠋ᠠᠨ ᠵᠢᠯᠤᠳᠤᠭᠤᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠢᠩᠬᠢᠮ᠎ᠤᠨ ᠤᠳᠤᠷᠢᠳᠤᠯᠭ᠎ᠠ ᠨᠠᠷ ᠤᠷᠤᠯᠳᠤᠭ᠋ᠠᠨ᠎ᠤ ᠬᠢᠨᠠᠭᠴᠢ᠎ᠪᠠᠷ ᠣᠷᠣᠯᠴᠠᠪᠠ᠃
      ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠪᠠᠶᠠᠷ᠎ᠤᠨ ᠦᠭᠡ ᠬᠡᠯᠡᠬᠦ᠎ᠳᠡᠭᠡᠨ᠂ ᠣᠢ᠌ᠷ᠎ᠠ ᠵᠢᠨ ᠵᠢᠯ᠎ᠤᠳ᠎ᠲᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ 《ᠤᠯᠤᠰ᠎ᠤᠨ ᠲᠣᠮᠣ ᠶᠠᠪᠤᠳᠠᠯ》᠎ᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠣᠶᠠᠷ ᠶᠡᠬᠡ ᠶᠠᠪᠤᠳᠠᠯ᠎ᠢ ᠬᠦᠴᠦ᠎ᠪᠠᠨ ᠲᠥᠪᠯᠡᠷᠡᠭᠦᠯᠦᠨ ᠰᠠᠶ᠋ᠢᠲᠤᠷ ᠬᠢᠵᠦ᠂ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ᠂ ᠪᠣᠬᠢᠷᠲᠤᠯ᠎ᠤᠨ ᠵᠠᠰᠠᠯᠲᠠ᠂ ᠠᠮᠢ ᠠᠬᠤᠢ ᠵᠢᠨ ᠬᠠᠮᠠᠭ᠋ᠠᠯᠠᠯᠲᠠ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠢᠭᠡᠳᠦᠯᠲᠡᠢ ᠲᠥᠯᠥᠪᠵᠢᠭᠦᠯᠵᠦ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠠᠵᠤ ᠠᠬᠤᠢ ᠵᠢᠨ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠣᠲᠣ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠲᠦᠷᠭᠡᠨ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠹᠷᠣᠨᠲ᠎ᠲᠠᠬᠢ ᠥᠷᠭᠡᠨ ᠤᠯᠠᠨ ᠺᠠᠳ᠋ᠷ ᠠᠵᠢᠯᠲᠠᠨ ᠢᠮᠠᠭᠲᠠ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠨᠠᠮ᠎ᠤᠨ ᠵᠣᠷᠢᠯᠲᠠ ᠵᠢ ᠦᠢ᠍ᠯᠡᠳᠦᠯᠭᠡᠵᠢᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠂ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠪᠡ᠃
      ᠲᠣᠰ ᠤᠳᠠᠭ᠋ᠠᠨ᠎ᠤ ᠤᠷᠤᠯᠳᠤᠭ᠋ᠠᠨ᠎ᠳᠤ ᠨᠠᠢ᠌ᠳᠠ 12 ᠡᠩᠨᠡᠭᠡ ᠵᠢᠨ 286 ᠣᠷᠣᠯᠴᠠᠭᠰᠠᠳ ᠬᠠᠮᠲᠤ᠎ᠪᠠᠷ ᠤᠷᠤᠯᠳᠤᠵᠤ᠂ ᠤᠷᠤᠯᠳᠤᠭ᠋ᠠᠨ᠎ᠳᠤ ᠣᠷᠣᠯᠴᠠᠭᠰᠠᠨ ᠡᠯ᠎ᠡ ᠡᠩᠨᠡᠭᠡ ᠬᠠᠩᠭᠢᠨᠠᠮ᠎ᠠ ᠰᠠᠢ᠌ᠬᠠᠨ ᠲᠠᠭᠤ ᠬᠣᠭᠣᠯᠠᠢ᠂ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠪᠠᠷ ᠵᠶ᠋ᠡᠨ ᠰᠣᠩᠭᠣᠳᠠᠭ ᠬᠤᠪᠢᠰᠬᠠᠯᠲᠤ ᠳᠠᠭᠤᠤ᠎ᠨᠤᠭᠤᠳ᠎ᠢ ᠠᠮᠵᠢᠯᠲᠠ᠎ᠲᠠᠢ ᠰᠠᠢ᠌ᠬᠠᠨ ᠲᠣᠭᠯᠠᠪᠠ᠃ ᠰᠢᠷᠦᠭᠦᠨ ᠦᠷᠢᠰᠦᠯᠳᠦᠬᠡᠨ᠎ᠳᠤ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠡᠬᠡ ᠤᠯᠤᠰ ᠵᠶ᠋ᠡᠨ ᠮᠠᠷᠲᠠᠬᠤ ᠦᠭᠡᠢ》 《ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠨᠠᠮ ᠵᠶ᠋ᠡᠨ ᠳᠠᠭ᠋ᠠᠨ᠎ᠠ》 ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠤᠯᠠᠭ᠋ᠠᠨ ᠲᠤᠭ᠎ᠤᠨ ᠮᠠᠭᠲᠠᠭ᠋ᠠᠯ》 ᠪᠣᠯᠣᠨ ᠲᠢᠩᠬᠢᠮ᠎ᠤᠨ ᠪᠠᠢ᠌ᠭᠤᠯᠭ᠎ᠠ ᠵᠢᠨ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠪᠢ ᠡᠬᠡ ᠤᠯᠤᠰ᠎ᠲᠠᠢ᠎ᠪᠠᠨ》 ᠬᠣᠶᠠᠳᠤᠭ᠋ᠠᠷ ᠳᠡᠰ᠎ᠤᠨ ᠱᠠᠩᠨᠠᠯ ᠭᠥᠷᠳᠡᠪᠡ᠃ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠲᠥᠪ᠎ᠤᠨ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠪᠢᠳᠡ ᠳᠠᠷᠳᠠᠩ ᠵᠠᠮ ᠵᠶ᠋ᠠᠷ ᠠᠶᠠᠯᠠᠨ᠎ᠠ》᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠤᠯᠠᠭ᠋ᠠᠨ ᠲᠤᠭ ᠨᠠᠮᠢᠷᠠᠨ᠎ᠠ》᠂ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠎ᠤᠨ ᠰᠣᠩᠭᠣᠨ ᠬᠦᠷᠭᠡᠭᠰᠡᠨ ᠨᠠᠢ᠌ᠷᠠᠯ ᠳᠠᠭᠤᠤ 《ᠤᠭ ᠰᠠᠨᠠᠭ᠎ᠠ᠎ᠪᠠᠨ ᠦᠯᠦ ᠮᠠᠷᠲᠠᠶ᠎ᠠ》 ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠦ᠂ ᠤᠷᠤᠯᠳᠤᠭ᠋ᠠᠨ᠎ᠳᠤ ᠤᠷᠤᠯᠴᠠᠭᠰᠠᠨ ᠪᠤᠰᠤᠳ 6 ᠡᠩᠨᠡᠭᠡ ᠰᠢᠯᠢᠳᠡᠭ ᠱᠠᠩᠨᠠᠯ ᠬᠦᠷᠲᠡᠵᠡᠢ᠃
      ᠤᠷᠤᠯᠳᠤᠭ᠋ᠠᠨ᠎ᠤ ᠳᠠᠷᠠᠭ᠎ᠠ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠦᠷᠭᠦᠯᠵᠢᠯᠡᠨ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠴᠥᠬᠥᠷᠡᠰᠢ ᠦᠭᠡᠢ ᠲᠡᠮᠡᠴᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠡᠬᠢ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠪᠣᠳᠠᠲᠠᠢ ᠠᠵᠢᠯ ᠪᠠ ᠠᠮᠵᠢᠯᠲᠠ ᠪᠦᠲᠦᠮᠵᠢ᠎ᠪᠠᠷ ᠵᠶ᠋ᠡᠨ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ᠎ᠳᠤ ᠪᠡᠯᠡᠭ ᠬᠦᠷᠭᠡᠨ᠎ᠡ ᠭᠡᠵᠦ ᠤᠯᠠᠨ ᠵᠶ᠋ᠠᠷ ᠵᠶ᠋ᠠᠨ ᠰᠠᠨᠠᠯ ᠨᠢᠭᠡᠲᠡᠢ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ ᠵᠢᠩᠭ᠋ᠠᠩᠱ᠌ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠶ᠎ᠠ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ) ᠎ᠤᠨ 2024 ᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠨ ᠬᠠᠷᠢᠯᠴᠠᠬᠤ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠬᠣᠣᠰᠯᠠᠨ ᠬᠠᠮᠲᠤᠪᠠᠷ ᠪᠠᠢ᠌ᠭᠤᠯᠬᠤ ᠲᠤᠬᠠᠢ ᠶᠠᠷᠢᠯᠴᠠᠭ᠎ᠠ ᠰᠣᠯᠢᠯᠴᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠡᠭᠦᠷ ᠬᠠᠮᠲᠤᠷᠠᠨ 《ᠦᠨᠳᠦᠰᠦᠨ ᠬᠠᠤᠯᠢ》᠎ᠲᠠᠢ ᠬᠠᠮᠲᠤᠪᠠᠷ ᠤᠷᠤᠭᠰᠢᠯᠠᠨ ᠨᠡᠢ᠌ᠭᠡᠮ ᠲᠣᠭᠣᠷᠢᠭ᠎ᠲᠤ ᠣᠷᠣᠵᠤ ᠵᠠᠢ ᠵᠠᠪᠰᠠᠷ ᠦᠭᠡᠢ᠎ᠪᠠᠷ ᠠᠷᠠᠳ ᠲᠦᠮᠡᠨ᠎ᠳᠤ ᠦᠢ᠍ᠯᠡᠴᠢᠯᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠨᠠᠢ᠍ᠮᠠᠳᠤᠭ᠋ᠠᠷ ᠬᠤᠭᠤᠴᠠᠭ᠋ᠠᠨ᠎ᠤ ᠠᠵᠢᠯᠲᠠᠨ ᠠᠵᠢᠯᠴᠢᠨ᠎ᠤ ᠫᠢᠩᠫᠠᠩ ᠪᠥᠮᠪᠥᠭᠡ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ!
 
             蒙ICP备05000248号