11 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ᠂ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ 《ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠶ᠎ᠠ)᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠬᠠᠮᠲᠤ᠎ᠪᠠᠷ ᠰᠤᠷᠤᠯᠴᠠᠵᠠᠢ᠃ ᠡᠭᠦᠨ᠎ᠤ ᠬᠠᠮᠲᠤ ᠶᠡᠷᠦᠩᠬᠡᠢ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠬᠤ ᠵᠢᠨ ᠲᠣᠭᠣᠷᠢᠨ᠎ᠳᠤ᠂ ᠬᠡᠷᠡᠭ ᠵᠶ᠋ᠡᠷ ᠲᠣᠯᠢ ᠪᠣᠯᠭ᠋ᠠᠵᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠨᠥᠬᠥᠷ ᠬᠤᠷᠠᠯ ᠡᠷᠭᠢᠯᠡᠪᠡ᠃
ᠬᠤᠷᠠᠯ᠎ᠠᠴᠠ᠂ 《ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠨᠢᠭᠲᠠ ᠴᠢᠩᠭ᠎ᠠ ᠬᠠᠤᠯᠢᠵᠢᠯ ᠵᠶ᠋ᠡᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠪᠠᠷᠢᠮᠲᠠᠯᠠᠬᠤ》 ᠪᠣᠯ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠦᠢ᠍ᠯᠡᠳᠦᠯᠭᠡ ᠵᠢᠨ ᠭᠦᠨᠵᠡᠭᠡᠢ᠌ᠷᠡᠯ ᠪᠠ ᠰᠢᠨᠵᠢᠯᠡᠬᠦ ᠤᠬᠠᠭ᠋ᠠᠨᠴᠢ ᠬᠡᠷᠡᠭᠯᠡᠯᠲᠡ ᠪᠣᠯᠣᠨ᠎ᠠ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠬᠠᠤᠯᠢᠵᠢᠯ᠎ᠤᠨ ᠰᠡᠳᠬᠢᠬᠦᠢ᠂ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ ᠪᠣᠯ ᠮᠠᠨ᠎ᠤ ᠤᠯᠤᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠵᠢᠯᠤᠭᠣᠳᠬᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠂ ᠨᠡᠩ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠵᠤ᠂ ᠨᠠᠮ᠎ᠤᠨ ᠲᠥᠪ ᠬᠣᠷᠢᠶᠠᠨ᠎ᠤ ᠠᠵᠤ ᠠᠬᠤᠢ ᠵᠢᠨ ᠠᠵᠢᠯ᠎ᠤᠨ ᠲᠤᠬᠠᠢ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠢ᠌ᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠷᠢᠨ ᠨᠢᠮᠪᠠᠢ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ 《ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠠᠳᠬᠤᠬᠤ ᠪᠣᠯ ᠲᠤᠬᠠᠢ᠌ᠯᠠᠭᠰᠠᠨ ᠠᠵᠢᠯ ᠮᠥᠨ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠠᠳᠬᠤᠬᠤ ᠦᠭᠡᠢ ᠪᠣᠯ ᠬᠠᠷᠢᠭᠤᠴᠠᠯᠭ᠎ᠠ᠎ᠪᠠᠨ ᠠᠯᠳᠠᠵᠤ᠂ ᠲᠤᠰᠢᠶᠠᠯ ᠵᠶ᠋ᠠᠨ ᠭᠤᠲᠤᠭ᠋ᠠᠭᠰᠠᠨ ᠶᠠᠪᠤᠳᠠᠯ ᠮᠥᠨ》 ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠶᠡᠬᠡ ᠡᠷᠴᠢᠮ ᠵᠶ᠋ᠡᠷ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ ᠵᠢ ᠬᠥᠲᠥᠯᠥᠨ ᠳᠠᠭ᠋ᠠᠭᠤᠯᠬᠤ ᠪᠠ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃