ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠨ ᠬᠠᠷᠢᠯᠴᠠᠬᠤ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠬᠣᠣᠰᠯᠠᠨ ᠬᠠᠮᠲᠤᠪᠠᠷ ᠪᠠᠢ᠌ᠭᠤᠯᠬᠤ ᠲᠤᠬᠠᠢ ᠶᠠᠷᠢᠯᠴᠠᠭ᠎ᠠ ᠰᠣᠯᠢᠯᠴᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-30

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠤᠳᠠ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠠᠷᠢᠯᠴᠠᠨ ᠲᠠᠢ᠍ᠢ᠍ᠴᠢᠯᠠᠵᠤ ᠬᠠᠷᠢᠯᠴᠠᠨ ᠠᠬᠢᠭᠤᠯᠬᠤ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠡᠬᠢ ᠪᠠᠶᠠᠯᠢᠭ᠎ᠢ ᠬᠠᠮᠲᠤᠪᠠᠷ ᠡᠳ᠋ᠯᠡᠬᠦ᠂ ᠲᠤᠬᠠᠢ᠌ᠯᠠᠭᠰᠠᠨ ᠠᠵᠢᠯ᠎ᠢ ᠬᠠᠮᠲᠤᠪᠠᠷ ᠠᠭᠤᠰᠤᠯᠴᠠᠭᠤᠯᠬᠤ ᠬᠣᠣᠰᠯᠠᠨ ᠬᠠᠮᠲᠤᠪᠠᠷ ᠪᠠᠢ᠌ᠭᠤᠯᠬᠤ ᠰᠢᠨ᠎ᠡ ᠵᠠᠭᠪᠤᠷ᠎ᠢ ᠰᠦᠪᠡᠭᠴᠢᠯᠡᠬᠦ ᠵᠢᠨ ᠲᠥᠯᠥᠭᠡ᠂ 12 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠠᠢ᠌ᠬᠠᠨ ᠲᠣᠭᠣᠷᠢᠭ᠎ᠤᠨ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠵᠡᠭᠡᠯᠢ ᠭᠤᠳᠤᠮᠵᠢ ᠵᠢᠨ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃
      ᠶᠠᠷᠢᠯᠴᠠᠬᠤ ᠬᠤᠷᠠᠯ ᠳᠡᠭᠡᠷ᠎ᠡ᠂ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠭᠣᠣᠯ ᠬᠠᠷᠢᠭᠤᠴᠠᠯᠭ᠋ᠠᠲᠠᠨ᠎ᠠᠴᠠ ᠨᠡᠢ᠌ᠭᠡᠮ ᠲᠣᠭᠣᠷᠢᠭ᠎ᠤᠨ ᠦᠨᠳᠦᠰᠦᠨ ᠪᠠᠶ᠋ᠢᠳᠠᠯ᠂ ᠨᠡᠢ᠌ᠭᠡᠮ ᠲᠣᠭᠣᠷᠢᠭ᠎ᠤᠨ ᠠᠵᠢᠯ᠎ᠳᠤ ᠲᠤᠯᠭ᠋ᠠᠷᠠᠵᠤ ᠪᠠᠢ᠌ᠭ᠎ᠠ ᠭᠣᠣᠯ ᠬᠦᠴᠢᠷᠳᠡᠯ ᠪᠣᠯᠣᠨ ᠪᠠᠴᠢᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠢ ᠨᠠᠷᠢᠨ ᠲᠠᠨᠢᠯᠴᠠᠭᠤᠯᠵᠤ᠂ ᠬᠣᠣᠰᠯᠠᠨ ᠬᠠᠮᠲᠤᠪᠠᠷ ᠪᠠᠢ᠌ᠭᠤᠯᠬᠤ᠎ᠪᠠᠷ ᠳᠠᠮᠵᠢᠨ ᠨᠡᠢ᠌ᠭᠡᠮ ᠲᠣᠭᠣᠷᠢᠭ᠎ᠤᠨ ᠨᠠᠮ᠎ᠤᠨ ᠪᠠᠢ᠌ᠭᠤᠯᠤᠯᠲᠠ ᠵᠢᠨ ᠲᠦᠪᠰᠢᠨ ᠪᠣᠯᠣᠨ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠪᠣᠳᠠᠲᠠᠢ ᠬᠡᠷᠡᠭᠴᠡᠭᠡ ᠵᠢ ᠳᠤᠷᠠᠳᠴᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠢᠭᠡᠳ ᠨᠢᠭᠡ᠎ᠪᠠᠷ ᠬᠠᠷᠢᠭᠤᠯᠲᠠ ᠥᠭᠴᠡᠢ᠃ ᠳᠠᠷᠠᠭ᠎ᠠ᠎ᠨᠢ᠂ ᠬᠣᠶᠠᠷ ᠲᠠᠯ᠎ᠠ᠎ᠪᠠᠷ ᠵᠶ᠋ᠠᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠬᠣᠣᠰᠯᠠᠨ ᠬᠠᠮᠲᠤᠪᠠᠷ ᠪᠠᠢ᠌ᠭᠤᠯᠬᠤ ᠠᠷᠭ᠎ᠠ ᠬᠡᠯᠪᠡᠷᠢ ᠵᠢ ᠰᠢᠯᠢᠳᠡᠭᠵᠢᠭᠦᠯᠬᠦ᠂ ᠨᠡᠢ᠌ᠭᠡᠮ ᠲᠣᠭᠣᠷᠢᠭ᠎ᠤᠨ ᠪᠣᠳᠠᠲᠠᠢ ᠬᠦᠴᠢᠷᠳᠡᠯ᠎ᠢ ᠬᠠᠪᠰᠤᠷᠤᠨ ᠰᠢᠢ᠍ᠳᠪᠦᠷᠢᠯᠡᠬᠦ ᠵᠡᠷᠭᠡ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠬᠠᠮᠲᠤ᠎ᠪᠠᠷ ᠪᠠᠢ᠌ᠭᠤᠯᠬᠤ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠬᠤ᠂ ᠠᠵᠢᠯᠯᠠᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠢ᠌ᠭᠡᠮ ᠲᠣᠭᠣᠷᠢᠭ᠎ᠢ ᠵᠢᠯᠣᠭᠣᠳᠤᠨ ᠠᠮᠢᠳᠤᠷᠠᠯ᠎ᠤᠨ ᠬᠣᠭ ᠨᠣᠪᠰᠢ ᠵᠢ ᠳᠦᠷᠦᠯ ᠬᠤᠪᠢᠶᠠᠬᠤ ᠵᠢ ᠭᠦᠨᠵᠡᠭᠡᠢ ᠠᠬᠢᠭᠤᠯᠬᠤ᠂ ᠬᠠᠶᠠᠭᠳᠠᠮᠠᠯ ᠦᠭᠡᠢ ᠨᠡᠢ᠌ᠭᠡᠮ ᠲᠣᠭᠣᠷᠢᠭ᠎ᠢ ᠴᠢᠷᠮᠠᠢ᠌ᠨ ᠪᠠᠢ᠌ᠭᠤᠯᠬᠤ ᠵᠡᠷᠭᠡ ᠶᠠᠪᠤᠳᠠᠯ᠎ᠤᠨ ᠲᠤᠬᠠᠢ ᠥᠷᠭᠡᠨ ᠳᠡᠯᠭᠡᠷ ᠬᠠᠮᠲᠤ ᠵᠢᠨ ᠲᠠᠨᠢᠯᠲᠠ᠎ᠲᠠᠢ ᠪᠣᠯᠵᠠᠢ᠃
      ᠬᠤᠷᠠᠯ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠠᠰᠠ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠤᠨ ᠠᠷᠠᠳ᠎ᠤᠨ ᠬᠥᠭᠵᠢᠮ᠎ᠤᠨ ᠪᠦᠯᠬᠦᠮ᠎ᠳᠤ 30 ᠭᠠᠷᠤᠢ ᠢᠵᠢ ᠲᠤᠰᠬᠠᠢ ᠮᠡᠷᠭᠡᠵᠢᠯ᠎ᠤᠨ ᠲᠣᠭᠯᠠᠯᠲᠠ ᠵᠢᠨ ᠬᠤᠪᠴᠠᠰᠤ ᠬᠠᠨᠳᠢᠪᠯᠡᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠠᠵᠢᠯ᠎ᠤᠨ ᠴᠢᠯᠦᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ᠎ᠳᠤ ᠬᠦᠴᠦ ᠨᠡᠮᠡᠷᠢᠯᠡᠵᠦ᠂ ᠬᠥᠭᠵᠢᠮ᠎ᠤᠨ ᠪᠦᠯᠬᠦᠮ᠎ᠤᠨ ᠠᠵᠢᠯ᠎ᠢ ᠨᠡᠩ ᠰᠠᠶ᠋ᠢᠲᠤᠷ ᠥᠷᠨᠢᠭᠦᠯᠬᠦ ᠵᠢ ᠠᠬᠢᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠬᠣᠶᠠᠷ ᠲᠠᠯ᠎ᠠ᠎ᠪᠠᠷ ᠵᠶ᠋ᠠᠨ ᠡᠬᠢ ᠪᠠᠶᠠᠯᠢᠭ᠎ᠢ ᠬᠠᠮᠲᠤᠪᠠᠷ ᠡᠳ᠋ᠯᠡᠬᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ ᠵᠢ ᠦᠷᠭᠦᠯᠵᠢᠯᠡᠨ ᠴᠢᠩᠭ᠋ᠠᠳᠬᠠᠵᠤ᠂ ᠬᠣᠣᠰᠯᠠᠨ ᠬᠠᠮᠲᠤᠪᠠᠷ ᠪᠠᠢ᠌ᠭᠤᠯᠬᠤ ᠠᠵᠢᠯ᠎ᠲᠠᠢ ᠨᠢᠭᠲᠠ ᠤᠶᠠᠯᠳᠤᠭᠤᠯᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠨᠡᠩ ᠤᠯᠠᠨ ᠪᠣᠳᠠᠲᠠᠢ ᠬᠦᠴᠢᠷᠳᠡᠯ᠎ᠢ ᠢᠳᠡᠪᠬᠢᠲᠡᠢ ᠰᠢᠢ᠍ᠳᠪᠦᠷᠢᠯᠡᠵᠦ᠂ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠨ᠎ᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ᠂ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠬᠥᠭᠵᠢᠯᠲᠡ ᠵᠢᠨ ᠲᠥᠪ᠂ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ ᠵᠡᠷᠭᠡ ᠬᠠᠮᠢᠶ᠎ᠠ ᠪᠦᠬᠦᠢ ᠭᠠᠵᠠᠷ ᠲᠠᠰᠤᠭ᠂ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠡᠭᠦᠷ ᠬᠠᠮᠲᠤᠷᠠᠨ 《ᠦᠨᠳᠦᠰᠦᠨ ᠬᠠᠤᠯᠢ》᠎ᠲᠠᠢ ᠬᠠᠮᠲᠤᠪᠠᠷ ᠤᠷᠤᠭᠰᠢᠯᠠᠨ ᠨᠡᠢ᠌ᠭᠡᠮ ᠲᠣᠭᠣᠷᠢᠭ᠎ᠲᠤ ᠣᠷᠣᠵᠤ ᠵᠠᠢ ᠵᠠᠪᠰᠠᠷ ᠦᠭᠡᠢ᠎ᠪᠠᠷ ᠠᠷᠠᠳ ᠲᠦᠮᠡᠨ᠎ᠳᠤ ᠦᠢ᠍ᠯᠡᠴᠢᠯᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠨᠠᠢ᠍ᠮᠠᠳᠤᠭ᠋ᠠᠷ ᠬᠤᠭᠤᠴᠠᠭ᠋ᠠᠨ᠎ᠤ ᠠᠵᠢᠯᠲᠠᠨ ᠠᠵᠢᠯᠴᠢᠨ᠎ᠤ ᠫᠢᠩᠫᠠᠩ ᠪᠥᠮᠪᠥᠭᠡ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ!
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠨᠠᠮ᠎ᠤᠨ ᠡᠭᠦᠷ ᠬᠠᠮᠲᠤᠷᠠᠨ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠴᠠᠭ᠋ᠠᠨ ᠰᠠᠷ᠎ᠠ᠎ᠠᠴᠠ ᠡᠮᠦᠨ᠎ᠡ ᠲᠥᠪᠯᠡᠷᠡᠭᠦᠯᠦᠨ ᠰᠤᠷᠪᠤᠯᠵᠢᠯᠠᠵᠤ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
 
             蒙ICP备05000248号