2024 ᠣᠨ᠎ᠤ 12 ᠰᠠᠷ᠎ᠠ ᠵᠢᠨ 4᠎ᠤ ᠡᠳᠦᠷ ᠪᠣᠯ ᠮᠠᠨ᠎ᠤ ᠤᠯᠤᠰ᠎ᠤᠨ ᠠᠷᠪᠠᠨ ᠨᠢᠭᠡᠳᠡᠬᠢ ᠤᠯᠤᠰ᠎ᠤᠨ ᠦᠨᠳᠦᠰᠦᠨ ᠬᠠᠤᠯᠢ ᠵᠢᠨ ᠡᠳᠦᠷ ᠪᠣᠯᠣᠨ᠎ᠠ᠂ 12 ᠰᠠᠷ᠎ᠠ ᠵᠢᠨ 1᠎ᠤ ᠡᠳᠦᠷ᠎ᠠᠴᠠ 7᠎ᠤ ᠡᠳᠦᠷ ᠪᠣᠯ ᠮᠠᠨ᠎ᠤ ᠤᠯᠤᠰ᠎ᠤᠨ ᠳᠣᠯᠣᠳᠤᠭ᠋ᠠᠷ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠪᠣᠯᠣᠨ᠎ᠠ᠃ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠰᠠᠶ᠋ᠢᠲᠤᠷ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠠᠷᠠᠳ ᠤᠯᠠᠨ᠎ᠤ ᠬᠠᠤᠯᠢ ᠴᠠᠭ᠋ᠠᠵᠠ ᠵᠢᠨ ᠬᠡᠪ ᠴᠢᠨᠠᠷ᠎ᠢ ᠲᠡᠭᠡᠭᠰᠢᠯᠡᠬᠦᠯᠬᠦ ᠵᠢᠨ ᠲᠥᠯᠥᠭᠡ᠂ 12 ᠰᠠᠷ᠎ᠠ ᠵᠢᠨ 6᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠠᠮᠢ ᠠᠬᠤᠢ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠠ ᠵᠠᠬᠢᠳᠠᠯ ᠰᠣᠷᠪᠤᠯᠵᠢᠯᠠᠭ᠎ᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠡᠷᠭᠡ ᠤᠯᠠᠨ ᠨᠠᠮ᠎ᠤᠨ ᠡᠭᠦᠷ ᠬᠠᠮᠲᠤᠷᠠᠨ 《〈ᠦᠨᠳᠦᠰᠦᠨ ᠬᠠᠤᠯᠢ〉᠎ᠲᠠᠢ ᠬᠠᠮᠲᠤ᠎ᠪᠠᠷ ᠤᠷᠤᠭᠰᠢᠯᠠᠨ ᠨᠡᠢ᠌ᠭᠡᠮ ᠲᠣᠭᠣᠷᠢᠭ᠎ᠲᠤ ᠣᠷᠣᠵᠤ ᠵᠠᠢ ᠵᠠᠪᠰᠠᠷ ᠦᠭᠡᠢ᠎ᠪᠠᠷ ᠠᠷᠠᠳ ᠲᠦᠮᠡᠨ᠎ᠳᠤ ᠦᠢ᠍ᠯᠡᠴᠢᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃ ᠲᠢᠩᠬᠢᠮ᠎ᠤᠨ ᠳᠠᠭ᠋ᠠᠭ᠋ᠠᠴᠢᠯᠠᠨ ᠬᠠᠷᠢᠯᠴᠠᠬᠤ ᠨᠡᠢ᠌ᠭᠡᠮ ᠲᠣᠭᠣᠷᠢᠭ — ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠲᠤ ᠬᠦᠷᠴᠦ ᠬᠠᠤᠯᠢ ᠴᠠᠭ᠋ᠠᠵᠠ ᠵᠢᠨ ᠤᠬᠠᠭᠤᠯᠭ᠎ᠠ ᠪᠠ ᠲᠤᠬᠠᠢ ᠵᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠬᠠᠤᠯᠢ ᠴᠠᠭ᠋ᠠᠵᠠ ᠵᠢᠨ ᠮᠡᠳᠡᠯᠭᠡ ᠵᠢ ᠤᠬᠠᠭᠤᠯᠵᠤ᠂ ᠬᠠᠤᠯᠢ ᠴᠠᠭ᠋ᠠᠵᠠ ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠤᠯᠠᠨ ᠲᠦᠮᠡᠨ᠎ᠤ ᠦᠨᠳᠦᠰᠦᠨ ᠬᠠᠤᠯᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠲᠤᠬᠠᠢ ᠣᠢ᠌ᠯᠠᠭ᠋ᠠᠯᠲᠠ ᠵᠢ ᠨᠡᠮᠡᠭᠳᠡᠭᠦᠯᠵᠡᠢ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠶ᠎ᠳᠤ᠂ ᠨᠠᠮ᠎ᠤᠨ ᠭᠡᠰᠢᠭᠦᠨ ᠺᠠᠳ᠋ᠷ ᠳᠥᠭᠥᠮ ᠣᠢ᠌ᠯᠠᠭ᠋ᠠᠮᠵᠢᠲᠠᠢ ᠦᠭᠡ ᠬᠡᠯᠡ᠎ᠪᠠᠷ ᠲᠤᠬᠠᠢ ᠵᠢᠨ ᠭᠠᠵᠠᠷ᠎ᠲᠤ ᠪᠠᠢ᠌ᠭᠰᠠᠨ ᠤᠯᠠᠨ ᠲᠦᠮᠡᠨ᠎ᠳᠤ ᠦᠨᠳᠦᠰᠦᠨ ᠬᠠᠤᠯᠢ ᠵᠢᠨ ᠭᠣᠣᠯ ᠠᠭᠤᠯᠭ᠎ᠠ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢ ᠲᠠᠨᠢᠯᠴᠠᠭᠤᠯᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠬᠠᠤᠯᠢ ᠴᠠᠭ᠋ᠠᠵᠠ ᠪᠣᠯᠣᠨ ᠠᠷᠠᠳ ᠢᠷᠭᠡᠳ᠎ᠤᠨ ᠠᠮᠢᠳᠤᠷᠠᠯ ᠨᠢᠭᠲᠠ ᠬᠠᠷᠢᠴᠠᠭ᠎ᠠ᠎ᠲᠠᠢ ᠪᠠᠶ᠋ᠢᠬᠤ ᠵᠢ ᠤᠬᠠᠭᠤᠯᠤᠨ ᠲᠠᠢ᠌ᠯᠪᠤᠷᠢᠯᠠᠵᠤ᠂ ᠤᠯᠠᠨ ᠲᠦᠮᠡᠨ᠎ᠤ ᠳᠤᠷᠠᠳᠤᠭᠰᠠᠨ ᠬᠠᠤᠯᠢ ᠴᠠᠭ᠋ᠠᠵᠠ ᠵᠢᠨ ᠯᠠᠪᠯᠠᠯᠭ᠎ᠠ ᠵᠢ ᠬᠦᠯᠢᠴᠡᠩᠭᠦᠢ᠎ᠪᠠᠷ ᠬᠠᠷᠢᠭᠤᠯᠵᠤ᠂ ᠡᠭᠦᠨ᠎ᠤ ᠬᠠᠮᠲᠤ ᠨᠠᠷᠢᠨ ᠨᠢᠮᠪᠠᠢ ᠨᠠᠢ᠌ᠷᠠᠭᠤᠯᠤᠨ ᠵᠣᠬᠢᠶᠠᠭᠰᠠᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ — ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠳᠡᠪᠲᠡᠷ》᠎ᠢ ᠤᠯᠠᠨ ᠲᠦᠮᠡᠨ᠎ᠤ ᠭᠠᠷ᠎ᠲᠤ ᠬᠦᠷᠭᠡᠵᠦ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ ᠵᠢ ᠬᠡᠷᠡᠭᠯᠡᠬᠦ᠂ ᠵᠥᠷᠢᠴᠡᠯ᠎ᠢ ᠠᠷᠢᠯᠭ᠋ᠠᠬᠤ᠎ᠳᠤ ᠬᠠᠤᠯᠢ᠎ᠳᠤ ᠲᠦᠰᠢᠭᠯᠡᠬᠦ ᠵᠢ ᠬᠥᠲᠥᠯᠥᠨ ᠵᠢᠯᠤᠭᠣᠳᠴᠤ᠂ ᠤᠯᠠᠨ ᠵᠶ᠋ᠠᠷ ᠵᠶ᠋ᠠᠨ ᠥᠪᠡᠷ᠎ᠤᠨ ᠠᠮᠢᠳᠤᠷᠠᠯ᠎ᠲᠠᠢ᠎ᠪᠠᠨ ᠨᠢᠭᠲᠠ ᠬᠣᠯᠪᠣᠭ᠎ᠠ᠎ᠲᠠᠢ ᠦᠨᠳᠦᠰᠦᠨ ᠬᠠᠤᠯᠢ ᠴᠠᠭ᠋ᠠᠵᠠ ᠵᠢᠨ ᠮᠡᠳᠡᠯᠭᠡ ᠵᠢ ᠢᠳᠡᠪᠬᠢᠲᠡᠢ ᠡᠵᠡᠮᠰᠢᠵᠦ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠨ ᠰᠠᠬᠢᠵᠤ᠂ ᠰᠠᠢ᠍ᠢ᠍ᠨ ᠰᠠᠢ᠌ᠬᠠᠨ ᠦᠢ᠍ᠯᠡ ᠠᠵᠢᠯᠯᠠᠭ᠋ᠠᠨ᠎ᠤ ᠵᠢᠷᠤᠮᠵᠢᠯ ᠪᠠ ᠶᠣᠰᠣ ᠮᠣᠷᠠᠯ᠎ᠤᠨ ᠪᠣᠯᠪᠠᠰᠤᠷᠠᠯ᠎ᠲᠠᠢ ᠪᠣᠯᠬᠤ ᠵᠢ ᠵᠣᠷᠢᠭᠵᠢᠭᠤᠯᠵᠠᠢ᠃
ᠲᠣᠰ ᠤᠳᠠᠭ᠋ᠠᠨ᠎ᠤ ᠦᠨᠳᠦᠰᠦᠨ ᠬᠠᠤᠯᠢ ᠵᠢᠨ ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠤᠬᠠᠭᠤᠯᠭ᠎ᠠ ᠵᠢᠨ ᠮᠠᠲ᠋ᠧᠷᠢᠶᠠᠯ᠎ᠢ ᠨᠠᠢ᠌ᠳᠠ 60 ᠭᠠᠷᠤᠢ ᠬᠤᠪᠢ ᠲᠠᠷᠬᠠᠭ᠋ᠠᠵᠤ᠂ ᠲᠤᠬᠠᠢ ᠵᠢᠨ ᠲᠠᠯᠠᠪᠤᠷ᠎ᠲᠤ ᠤᠯᠠᠨ ᠲᠦᠮᠡᠨ᠎ᠤ10 ᠭᠠᠷᠤᠢ ᠬᠥᠮᠥᠨ ᠤᠳᠠᠭ᠎ᠠ ᠵᠢᠨ ᠠᠰᠠᠭᠤᠯᠲᠠ᠎ᠳᠤ ᠬᠠᠷᠢᠭᠤᠯᠲᠠ ᠥᠭᠴᠦ᠂ ᠰᠠᠭᠤᠭ᠋ᠠᠯᠢ ᠠᠷᠠᠳ᠎ᠤᠨ ᠦᠨᠳᠦᠰᠦᠨ ᠬᠠᠤᠯᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢᠨ ᠲᠤᠬᠠᠢ ᠲᠠᠨᠢᠯᠲᠠ ᠪᠠ ᠣᠢ᠌ᠯᠠᠭ᠋ᠠᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠬᠠᠤᠯᠢ ᠴᠠᠭ᠋ᠠᠵᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠣᠢ᠌ᠯᠠᠭ᠋ᠠᠭᠳᠠᠬᠤᠨ᠎ᠢ ᠴᠢᠩᠭ᠋ᠠᠷᠠᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠪᠢᠳᠠ ᠨᠡᠢ᠌ᠭᠡᠮ ᠲᠣᠭᠣᠷᠢᠭ᠎ᠲᠤ ᠬᠦᠷᠴᠦ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠰᠠᠢ᠍ᠢ᠍ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠢᠳᠡᠪᠬᠢᠲᠡᠢ ᠪᠤᠢ ᠪᠣᠯᠭ᠋ᠠᠵᠤ᠂ ᠬᠠᠤᠯᠢ ᠴᠠᠭ᠋ᠠᠵᠠ ᠵᠢ ᠦᠨᠡᠨ ᠬᠦ᠌ ᠲᠦᠭ ᠲᠦᠮᠡᠨ ᠠᠢ᠌ᠯ ᠡᠷᠦᠬᠡ᠎ᠳᠤ ᠣᠷᠣᠭᠤᠯᠤᠨ᠎ᠠ᠃