ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠠᠮᠢ ᠠᠬᠤᠢ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠠ ᠵᠠᠬᠢᠳᠠᠯ ᠰᠣᠷᠪᠤᠯᠵᠢᠯᠠᠭ᠎ᠠ ᠵᠢᠨ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠡᠷᠭᠡ ᠤᠯᠠᠨ ᠨᠠᠮ᠎ᠤᠨ ᠡᠭᠦᠷ ᠵᠶ᠋ᠡᠷ ᠪᠦᠷᠢᠯᠳᠦᠭᠰᠡᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠲᠤ ᠬᠦᠷᠴᠦ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠢ ᠬᠠᠪᠰᠤᠷᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠴᠡᠪᠡᠷ ᠲᠡᠭᠰᠢ ᠠᠷᠢᠭᠤᠨ ᠴᠡᠪᠡᠷ᠂ ᠪᠣᠯᠪᠠᠰᠤᠨ ᠡᠮᠬᠢ ᠵᠢᠷᠤᠮ᠎ᠲᠠᠢ ᠠᠮᠢᠳᠤᠷᠠᠯ᠎ᠤᠨ ᠣᠷᠣᠨ ᠵᠠᠢ ᠵᠢ ᠪᠤᠢ ᠪᠣᠯᠭ᠋ᠠᠵᠠᠢ᠃
ᠠᠵᠢᠯᠯᠠᠭ᠎ᠠ ᠵᠢᠨ ᠳᠤᠮᠳᠠ ᠥᠷᠭᠡᠨ ᠤᠯᠠᠨ ᠨᠠᠮ᠎ᠤᠨ ᠭᠡᠰᠢᠭᠦᠨ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠨᠡᠢ᠌ᠭᠡᠮ ᠲᠣᠭᠣᠷᠢᠭ᠎ᠤᠨ ᠬᠥᠮᠥᠰ᠎ᠤᠨ ᠳᠠᠭ᠋ᠠᠭᠤᠯᠭ᠎ᠠ ᠳᠣᠣᠷ᠎ᠠ᠂ ᠠᠵᠢᠯ ᠬᠤᠪᠢᠶᠠᠷᠢᠯᠠᠨ ᠬᠠᠮᠵᠢᠯᠴᠠᠵᠤ᠂ ᠨᠢᠭᠲᠠ ᠬᠠᠪᠰᠤᠷᠤᠯᠴᠠᠨ᠂ ᠪᠤᠵᠠᠷ᠎ᠠᠴᠠ ᠠᠶᠤᠬᠤ ᠦᠭᠡᠢ᠂ ᠶᠠᠳᠠᠷᠠᠬᠤ᠎ᠠᠴᠠ ᠠᠶᠤᠬᠤ ᠦᠭᠡᠢ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠨᠡᠢ᠌ᠭᠡᠮ ᠲᠣᠭᠣᠷᠢᠭ᠎ᠤᠨ ᠵᠢᠵᠢᠭ ᠭᠤᠳᠤᠮᠵᠢ᠂ ᠰᠠᠭᠤᠭ᠋ᠠᠯᠢ ᠠᠷᠠᠳ᠎ᠤᠨ ᠠᠰᠠᠷ᠎ᠤᠨ ᠬᠣᠩᠭᠢᠯ ᠵᠢᠴᠢ ᠰᠠᠭᠤᠭ᠋ᠠᠯᠢ ᠠᠷᠠᠳ᠎ᠤᠨ ᠠᠰᠠᠷ᠎ᠤᠨ ᠬᠦᠷᠢᠶᠡᠨ ᠳᠣᠲᠣᠷᠠᠬᠢ ᠥᠨᠴᠥᠭ ᠵᠠᠪᠰᠠᠷᠤᠳᠢ ᠴᠡᠪᠡᠷᠯᠡᠨ ᠠᠷᠢᠯᠭ᠋ᠠᠵᠠᠢ᠃ ᠤᠯᠠᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠰᠠᠭᠤᠭ᠋ᠠᠯᠢ ᠠᠷᠠᠳ᠎ᠤᠨ ᠲᠣᠭᠣᠷᠢᠭ᠎ᠤᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠳᠠᠯ ᠰᠠᠢ᠌ᠵᠢᠷᠠᠵᠤ᠂ ᠡᠷᠬᠢᠨ ᠲᠣᠭᠣᠷᠢᠨ᠎ᠤ ᠣᠷᠴᠢᠨ ᠲᠣᠭᠣᠷᠢᠨ ᠴᠤ᠌ ᠰᠢᠨ᠎ᠡ ᠪᠠᠶ᠋ᠢᠳᠠᠯ ᠵᠶ᠋ᠠᠷ ᠰᠣᠯᠢᠭᠳᠠᠪᠠ᠃
ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠥᠷᠭᠡᠨ ᠤᠯᠠᠨ ᠨᠠᠮ᠎ᠤᠨ ᠭᠡᠰᠢᠭᠦᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠴᠢᠳ ᠨᠡᠢ᠌ᠭᠡᠮ ᠲᠣᠭᠣᠷᠢᠭ᠎ᠤᠨ ᠠᠵᠢᠯᠲᠠᠨ᠎ᠤ ᠲᠠᠢ᠌ᠯᠤᠮᠵᠢ᠎ᠪᠠᠷ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠤᠨ ᠨᠠᠮ᠎ᠤᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠰᠤᠷᠤᠯᠴᠠᠨ ᠲᠣᠭᠣᠷᠢᠨ ᠦᠵᠡᠵᠦ᠂ ᠨᠠᠮ᠎ᠤᠨ ᠪᠠᠢ᠌ᠭᠤᠯᠤᠯᠲᠠ ᠵᠢᠨ ᠲᠤᠷᠰᠢᠯᠭ᠎ᠠ᠎ᠪᠠᠨ ᠬᠠᠷᠢᠯᠴᠠᠨ ᠰᠣᠯᠢᠯᠴᠠᠪᠠ᠃
ᠳᠠᠷᠠᠭ᠋ᠠᠴᠢ ᠵᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠡᠯ᠎ᠡ ᠵᠦᠢ᠍ᠯ᠎ᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠵᠢ ᠪᠡᠬᠢᠵᠢᠭᠦᠯᠦᠨ ᠥᠷᠨᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠢ᠌ᠴᠢᠨ ᠪᠡᠬᠢᠯᠡᠯᠲᠡ ᠵᠢᠨ ᠦᠢ᠍ᠯᠡᠳᠦᠯ ᠪᠣᠯᠣᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃