ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-06

      ᠣᠢ᠌ᠷ᠎ᠠ᠎ᠳᠤ᠂ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠰᠬᠠᠢ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠨᠠᠮ᠎ᠤᠨ ᠡᠭᠦᠷ᠎ᠤᠨ ᠨᠠᠮ᠎ᠤᠨ ᠭᠡᠰᠢᠭᠦᠳ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠢ ᠲᠠᠨᠢᠯᠲᠠ ᠪᠠ ᠡᠵᠡᠮᠳᠡᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠪᠡ᠃
      ᠨᠠᠮ᠎ᠤᠨ ᠡᠭᠦᠷ᠎ᠤᠨ ᠨᠠᠮ᠎ᠤᠨ ᠭᠡᠰᠢᠭᠦᠳ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠲᠤᠰᠬᠠᠢ ᠰᠡᠳᠦᠪᠲᠦ ᠲᠣᠪᠴᠢᠯᠠᠯ》᠎ᠢ ᠬᠠᠮᠲᠤ᠎ᠪᠠᠷ ᠰᠤᠷᠤᠯᠴᠠᠵᠤ᠂ ᠨᠠᠮ᠎ᠤᠨ ᠡᠭᠦᠷ ᠱᠦᠵᠢ ᠶᠡᠷᠦᠩᠬᠡᠢ ᠱᠦᠵᠢ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠳᠠᠭ᠋ᠠᠭᠤᠯᠤᠨ ᠰᠤᠷᠤᠯᠴᠠᠪᠠ᠃ ᠬᠤᠷᠠᠯ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠡᠨᠡ ᠬᠦ᠌ ᠴᠢᠬᠤᠯᠠ ᠠᠭᠤᠯᠭ᠎ᠠ᠎ᠳᠤ ᠭᠣᠣᠯᠳᠠᠯᠭ᠎ᠠ᠎ᠲᠠᠢ ᠠᠩᠬᠠᠷᠤᠯ ᠵᠶ᠋ᠠᠨ ᠲᠥᠪᠯᠡᠷᠡᠭᠦᠯᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠤᠯᠤᠰ ᠣᠷᠣᠨ᠎ᠤ ᠲᠣᠭᠲᠠᠭᠤᠨ᠂ ᠨᠡᠢ᠌ᠭᠡᠮ᠎ᠤᠨ ᠬᠥᠭᠵᠢᠯᠲᠡ ᠵᠢᠴᠢ ᠨᠠᠮ᠎ᠤᠨ ᠪᠠᠢ᠌ᠭᠤᠯᠤᠯᠲᠠ ᠵᠡᠷᠭᠡ ᠲᠠᠯ᠎ᠠ᠎ᠪᠠᠷ᠎ᠬᠢ ᠭᠣᠣᠯᠯᠠᠬᠤ ᠠᠴᠢ ᠬᠣᠯᠪᠣᠭᠳᠠᠯ᠎ᠳᠤ ᠭᠦᠨᠵᠡᠭᠡᠢ ᠵᠠᠳᠠᠯᠤᠯᠲᠠ ᠬᠢᠵᠦ᠂ ᠣᠳᠣᠬᠠᠨ᠎ᠤ ᠤᠯᠠᠨ ᠡᠰᠢᠲᠦ ᠨᠡᠢ᠌ᠭᠡᠮ᠎ᠤᠨ ᠦᠵᠡᠯ ᠰᠠᠨᠠᠭ᠋ᠠᠨ᠎ᠤ ᠤᠷᠤᠰᠬᠠᠯ᠎ᠤᠨ ᠳᠠᠭ᠋ᠠᠷᠢᠯᠲᠠ ᠵᠢᠨ ᠳᠣᠣᠷ᠎ᠠ᠂ ᠮᠠᠷᠺᠰ᠎ᠤᠨ ᠦᠵᠡᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠵᠢᠯᠤᠭᠣᠳᠬᠤ ᠪᠠᠶ᠋ᠢᠷᠢ ᠰᠠᠭᠤᠷᠢ ᠵᠢ ᠪᠠᠲᠤ ᠰᠠᠬᠢᠬᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠢ ᠰᠣᠷᠣᠯᠴᠠᠪᠠ᠃ ᠰᠢᠰᠲ᠋ᠧᠮ᠎ᠲᠠᠢ ᠭᠦᠨᠵᠡᠭᠡᠢ ᠰᠤᠷᠤᠯᠴᠠᠬᠤ᠎ᠪᠠᠷ ᠳᠠᠮᠵᠢᠨ᠂ ᠪᠦᠬᠦ ᠨᠠᠮ᠎ᠤᠨ ᠭᠡᠰᠢᠭᠦᠳ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠮᠥᠨ ᠴᠢᠨᠠᠷ ᠪᠣᠯᠣᠨ ᠠᠭᠤᠯᠤᠭᠳᠠᠬᠤᠨ᠎ᠢ ᠭᠦᠨᠵᠡᠭᠡᠢ ᠣᠢ᠌ᠯᠠᠭ᠋ᠠᠵᠤ᠂ ᠲᠤᠰ ᠪᠡᠶ᠎ᠡ ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠠᠯ᠎ᠠ᠎ᠪᠠᠷ᠎ᠬᠢ ᠲᠠᠨᠢᠯᠲᠠ ᠪᠣᠯᠣᠨ ᠴᠢᠳᠠᠪᠤᠷᠢ᠎ᠪᠠᠨ ᠪᠦᠲᠦᠮᠵᠢᠲᠡᠢ ᠳᠡᠭᠡᠭᠰᠢᠯᠡᠭᠦᠯᠵᠡᠢ᠃
      ᠬᠤᠷᠠᠯ᠎ᠠᠴᠠ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ ᠪᠣᠯ ᠨᠠᠮ᠎ᠤᠨ ᠨᠢᠭᠡ ᠵᠦᠢ᠍ᠯ᠎ᠤᠨ ᠲᠤᠢ᠌ᠯ᠎ᠤᠨ ᠴᠢᠬᠤᠯᠠ ᠠᠵᠢᠯ ᠪᠣᠯᠣᠨ᠎ᠠ᠂ ᠨᠠᠮ᠎ᠤᠨ ᠭᠡᠰᠢᠭᠦᠨ ᠨᠢᠭᠡᠪᠦᠷᠢ ᠬᠣᠯᠪᠣᠭᠳᠠᠯ ᠪᠦᠬᠦᠢ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠢᠳᠡᠪᠬᠢᠲᠡᠢ ᠪᠠᠳᠠᠷᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠭᠣᠣᠯᠯᠠᠬᠤ ᠡᠷᠬᠡ ᠵᠢ ᠪᠠᠲᠤ ᠡᠵᠡᠮᠳᠡᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠤ ᠬᠠᠮᠲᠤ᠂ ᠺᠠᠳ᠋ᠷ᠎ᠢ ᠰᠣᠩᠭᠣᠬᠤ ᠪᠣᠢ᠌ᠵᠢᠭᠤᠯᠬᠤ ᠬᠠᠮᠢᠶᠠᠷᠬᠤ ᠬᠡᠷᠡᠭᠯᠡᠬᠦ ᠠᠵᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠲᠡᠭᠦᠨ᠎ᠢ ᠵᠣᠬᠢᠶᠠᠨ ᠪᠠᠢ᠌ᠭᠤᠯᠤᠯᠲᠠ ᠠᠵᠢᠯᠲᠠᠨ᠎ᠤ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠵᠦ᠂ ᠬᠠᠷᠢᠯᠴᠠᠨ ᠠᠬᠢᠭᠤᠯᠵᠤ᠂ ᠬᠠᠮᠵᠢᠯᠴᠠᠨ ᠬᠥᠭᠵᠢᠬᠦ ᠵᠢ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠴᠠᠭ᠋ᠠᠨ ᠰᠠᠷ᠎ᠠ᠎ᠠᠴᠠ ᠡᠮᠦᠨ᠎ᠡ ᠲᠥᠪᠯᠡᠷᠡᠭᠦᠯᠦᠨ ᠰᠤᠷᠪᠤᠯᠵᠢᠯᠠᠵᠤ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠶᠤᠸᠠᠨ ᠵᠢᠩ ᠬᠤᠢ ᠵᠡᠷᠭᠡ ᠨᠥᠬᠥᠷ ᠲᠤᠰᠢᠶᠠᠯ ᠡᠭᠦᠷᠭᠡᠯᠡᠵᠦ ᠪᠠᠶ᠋ᠢᠬᠤ ᠲᠤᠬᠠᠶ ᠮᠡᠳᠡᠭᠳᠡᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠵᠣᠣ ᠸᠸᠢ ᠹᠸᠩ ᠵᠡᠷᠭᠡ ᠨᠥᠬᠥᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠲᠤᠬᠠᠶ ᠮᠡᠳᠡᠭᠳᠡᠯ
ᠲᠤᠰᠢᠶᠠᠯ᠎ᠳᠤ ᠲᠣᠮᠢᠯᠠᠬᠤ᠎ᠪᠠᠷ ᠪᠠᠶ᠋ᠢᠭ᠎ᠠ ᠭᠠᠵᠠᠷ᠎ᠤᠨ ᠳᠡᠰ᠎ᠤᠨ ᠺᠠᠳ᠋ᠷ ᠲᠤᠬᠠᠶ ᠢᠯᠡ ᠨᠡᠶ᠋ᠢᠲᠡᠯᠡᠬᠦ ᠠᠯᠪᠠᠨ ᠵᠠᠷᠯᠠᠯ
 
             蒙ICP备05000248号