7 ᠰᠠᠷ᠎ᠠ᠎ᠶᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠢᠷᠠᠭᠤ ᠠᠯᠳᠠᠷᠲᠠᠶ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠲᠠᠷᠤᠭ᠎ᠠ ᠴᠢ ᠹᠧᠢ ᠶᠦᠨ ᠡᠷᠬᠢᠯᠡᠪᠡ᠃
ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠳᠡᠭᠡᠷ᠎ᠡ᠂ ᠴᠢ ᠹᠸᠢ ᠶᠦᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠤᠤᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭᠠᠭᠴᠢ ᠬᠤᠤ ᠴᠢᠩ ᠸᠧᠨ᠂ ᠤᠤᠯ᠎ᠤᠨ ᠨᠢᠭᠡᠳᠦᠭᠡᠷ ᠳᠡᠰ᠎ᠤᠨ ᠪᠠᠶ᠋ᠢᠴᠠᠭᠠᠨ ᠰᠤᠳᠤᠯᠤᠭᠴᠢ ᠱᠢ ᠵᠢᠶᠠᠨ ᠮᠤᠤ ᠬᠣᠶᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠲᠤ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠭᠰᠠᠨ ᠳᠤᠷᠠᠰᠬᠠᠯ᠎ᠤᠨ ᠲᠡᠮᠳᠡᠭ ᠣᠯᠭᠣᠭᠰᠠᠨ ᠪᠥᠭᠡᠳ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠡᠮᠦᠨ᠎ᠡ᠎ᠡᠴᠡ ᠠᠵᠢᠯ᠎ᠠᠴᠠ᠎ᠪᠠᠨ ᠠᠮᠠᠷᠠᠭᠰᠠᠨ ᠬᠣᠶᠠᠷ ᠺᠠᠳ᠋ᠷ᠎ᠤᠨ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠲᠦ ᠦᠵᠡᠭᠦᠯᠦᠭᠰᠡᠨ ᠬᠤᠪᠢ ᠨᠡᠮᠡᠷᠢ᠎ᠳᠦ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠦᠨ ᠲᠠᠯᠠᠷᠬᠠᠯ᠎ᠢᠶᠠᠨ ᠳᠡᠪᠰᠢᠭᠦᠯᠵᠡᠢ᠃ ᠲᠡᠷᠡ᠂ ᠠᠬᠠᠮᠠᠳ ᠺᠠᠳ᠋ᠷ ᠪᠣᠯ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠡᠷᠬᠢᠮ ᠨᠠᠨᠳᠢᠨ ᠥᠪ ᠬᠦᠷᠦᠩᠬᠡ ᠮᠥᠨ᠂ ᠮᠥᠨ ᠴᠤ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠦᠨ ᠬᠥᠭᠵᠢᠯᠲᠡ᠎ᠶᠢ ᠪᠡᠶ᠎ᠡ᠎ᠪᠡᠷ᠎ᠢᠶᠡᠨ ᠥᠩᠭᠡᠷᠡᠭᠦᠯᠦᠭᠴᠢ᠂ ᠭᠡᠷᠡᠴᠢᠯᠡᠭᠴᠢ᠂ ᠦᠢᠯᠡᠳᠦᠯᠭᠡᠵᠢᠭᠦᠯᠦᠭᠴᠢ ᠮᠥᠨ᠂ ᠲᠡᠳᠡᠨ᠎ᠦ ᠪᠡᠶ᠎ᠡ ᠳᠡᠭᠡᠷᠡᠬᠢ ᠰᠠᠢ᠍ᠢᠨ ᠤᠯᠠᠮᠵᠢᠯᠠᠯ᠂ ᠰᠠᠢ᠍ᠢᠨ ᠵᠠᠩ ᠴᠢᠨᠠᠷ᠂ ᠰᠠᠢ᠍ᠢᠨ ᠰᠤᠷᠲᠠᠯ ᠨᠢ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠰᠤᠷᠤᠯᠴᠠᠭᠤᠰᠢᠲᠠᠢ ᠵᠤᠢᠯ ᠶᠤᠮ; ᠬᠣᠯᠪᠣᠭᠳᠠᠯ ᠪᠦᠬᠦᠢ ᠲᠠᠯ᠎ᠠ᠎ᠶᠢᠨ ᠬᠢᠨ ᠠᠬᠠᠮᠠᠳ ᠺᠠᠳ᠋ᠷᠴᠤᠳ᠎ᠢ ᠰᠠᠶ᠋ᠢᠲᠤᠷ ᠬᠠᠯᠠᠮᠵᠢᠯᠠᠨ ᠰᠠᠶ᠋ᠢᠲᠤᠷ ᠬᠠᠷᠠᠭᠠᠯᠵᠠᠵᠤ᠂ ᠲᠡᠳᠡᠨ᠎ᠦ ᠬᠡᠷᠡᠭᠴᠡᠭᠡ ᠱᠠᠭᠠᠷᠳᠠᠯᠭ᠎ᠠ᠎ᠶᠢ ᠴᠠᠭ ᠲᠤᠬᠠᠶ ᠳ᠋ᠤᠨᠢ ᠣᠶ᠋ᠢᠯᠠᠭᠠᠵᠤ᠂ ᠲᠡᠳᠡᠨ᠎ᠢ ᠬᠠᠪᠰᠤᠷᠤᠨ ᠪᠣᠳᠠᠲᠠᠶ ᠬᠦᠴᠢᠷᠳᠡᠯ᠎ᠢ ᠨᠢ ᠰᠢᠶ᠋ᠳᠪᠦᠷᠢᠯᠡᠨ ᠥᠭᠴᠦ᠂ ᠠᠬᠠᠮᠠᠳ ᠺᠠᠳ᠋ᠷᠴᠤᠳ᠎ᠤᠨ ᠠᠵᠢᠯ᠎ᠢ ᠦᠨᠡᠨ ᠰᠡᠳᠬᠢᠯ᠎ᠡᠴᠡ᠎ᠪᠡᠨ ᠰᠠᠶ᠋ᠢᠲᠤᠷ ᠬᠢᠬᠦ ᠬᠡᠷᠡᠭᠲᠡᠶ; ᠠᠬᠠᠮᠠᠳ ᠺᠠᠳ᠋ᠷᠴᠤᠳ 《 ᠠᠵᠢᠯ᠎ᠤᠨ ᠪᠠᠶ᠋ᠢᠷᠢ᠎ᠠᠴᠠ᠎ᠪᠠᠨ ᠰᠠᠯᠤᠭᠰᠠᠨ ᠴᠤ᠌ ᠰᠡᠳᠬᠢᠯ ᠵᠠᠶ᠋ᠢᠳᠠᠬᠤ ᠦᠭᠡᠢ᠂ ᠠᠵᠢᠯ᠎ᠠᠴᠠ᠎ᠪᠠᠨ ᠠᠮᠠᠷᠠᠭᠰᠠᠨ ᠴᠤ᠌ ᠤᠭ ᠰᠠᠨᠠᠭ᠎ᠠ᠎ᠪᠠᠨ ᠮᠠᠷᠳᠠᠬᠤ ᠦᠭᠡᠢ 》 ᠪᠠᠢᠵᠤ᠂ ᠥᠩᠭᠡᠷᠡᠭᠰᠡᠨ᠎ᠲᠠᠢ᠎ᠪᠡᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠬᠠᠯᠠᠮᠵᠢᠯᠠᠨ ᠳᠡᠮᠵᠢᠵᠦ᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠦᠳᠦᠭᠡᠨ ᠪᠠᠶ᠋ᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ 《 ᠪᠤᠭᠤᠷᠤᠯᠴᠤᠳ 》᠎ᠤᠨ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠶ᠋ᠢᠨ᠎ᠠ ᠭᠡᠵᠦ ᠵᠢᠭᠠᠵᠤ ᠭᠠᠷᠭᠠᠪᠠ᠃
ᠬᠣᠶᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠬᠠᠯᠠᠮᠵᠢᠯᠠᠨ ᠬᠠᠶ᠋ᠢᠷᠠᠯᠠᠭᠰᠠᠨ᠎ᠳᠤ ᠲᠠᠯᠠᠷᠬᠠᠵᠤ ᠪᠠᠶ᠋ᠢᠨ᠎ᠠ᠂ ᠬᠣᠶ᠋ᠢᠰᠢᠳᠠ ᠶᠡᠬᠡ ᠲᠠᠯ᠎ᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠦᠷᠭᠦᠯᠵᠢᠯᠡᠨ ᠦᠯᠡᠳᠡᠪᠦᠷᠢ ᠢᠯᠴᠢ᠎ᠪᠡᠨ ᠪᠠᠳᠠᠷᠠᠭᠤᠯᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ᠎ᠢ ᠴᠥᠬᠥᠷᠡᠰᠢ ᠦᠭᠡᠢ ᠪᠠᠳᠠᠷᠠᠭᠤᠯᠵᠤ᠂ ᠨᠠᠮ᠎ᠤᠨ ᠠᠴᠢ ᠲᠤᠰᠠ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠵᠥ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠠᠬᠢᠭᠤᠯᠬᠤ᠎ᠳᠤ ᠦᠯᠡᠳᠡᠪᠦᠷᠢ ᠢᠯᠴᠢ᠎ᠪᠡᠨ ᠪᠠᠳᠠᠷᠠᠭᠤᠯᠵᠤ᠂ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃
ᠠᠵᠢᠯ᠎ᠤᠨ ᠪᠠᠢᠷᠢ ᠲᠡᠭᠡᠷ᠎ᠡ᠎ᠪᠡᠨ ᠪᠠᠶ᠋ᠢᠭ᠎ᠠ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠬᠦᠨ᠂ ᠬᠠᠮᠢᠶ᠎ᠠ ᠪᠥᠬᠥᠶ ᠭᠠᠵᠠᠷ ᠬᠡᠷ ᠨᠢᠭᠡᠴᠢ᠎ᠶᠢᠨ ᠬᠠᠷᠢᠭᠤᠴᠠᠯᠭᠠᠲᠠᠨ ᠨᠥᠬᠥᠳ ᠶᠣᠰᠣᠯᠠᠯ᠎ᠳᠤ ᠣᠷᠣᠯᠴᠠᠵᠠᠶ᠃