ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠠᠵᠢᠯᠲᠠᠨ᠎ᠤ ᠶᠠᠪᠣᠳᠠᠯ᠎ᠢ ᠵᠣᠬᠢᠶᠠᠨ ᠪᠠᠶ᠋ᠢᠭᠤᠯᠬᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠴᠠᠭ᠋ᠠᠨ ᠰᠠᠷ᠎ᠠ᠎ᠠᠴᠠ ᠡᠮᠦᠨ᠎ᠡ ᠲᠥᠪᠯᠡᠷᠡᠭᠦᠯᠦᠨ ᠰᠤᠷᠪᠤᠯᠵᠢᠯᠠᠵᠤ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-02-19

      ᠮᠣᠭ᠋ᠠᠢ ᠵᠢᠯ᠎ᠤᠨ ᠴᠠᠭ᠋ᠠᠨ ᠰᠠᠷ᠎ᠠ ᠪᠣᠯᠬᠤ ᠭᠡᠵᠦ ᠪᠠᠢ᠌ᠭ᠎ᠠ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠢᠩᠬᠢᠮ᠎ᠤᠨ ᠤᠳᠤᠷᠢᠳᠤᠯᠭ᠎ᠠ ᠵᠢᠨ ᠳᠠᠭ᠋ᠠᠭᠤᠯᠭ᠎ᠠ᠎ᠪᠠᠷ 7 ᠲᠣᠬᠣᠨᠢᠭᠤᠯᠬᠤ ᠳᠤᠭᠤᠢ᠌ᠯᠠᠩ ᠪᠠᠢ᠌ᠭᠤᠯᠵᠤ᠂ ᠲᠢᠩᠬᠢᠮ᠎ᠤᠨ ᠪᠠᠢ᠌ᠭᠤᠯᠭ᠎ᠠ ᠵᠢᠨ ᠨᠠᠰᠤᠨ᠎ᠤ ᠠᠮᠠᠷᠠᠯᠲᠠ᠎ᠪᠠᠨ ᠠᠪᠤᠭᠰᠠᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠂ ᠠᠮᠢᠳᠤᠷᠠᠯ᠎ᠨᠢ ᠬᠦᠴᠢᠷᠳᠡᠯᠲᠡᠢ ᠨᠠᠮ᠎ᠤᠨ ᠭᠡᠰᠢᠭᠦᠨ ᠵᠢᠴᠢ ᠲᠢᠩᠬᠢᠮ ᠲᠣᠪᠴᠢᠶ᠎ᠠ ᠵᠢᠨ ᠲᠠᠰ᠎ᠤᠨ ᠠᠬᠠᠮᠠᠳ ᠺᠠᠳ᠋ᠷᠴᠤᠳ᠎ᠤᠨ ᠭᠡᠷ ᠪᠦᠯᠢ ᠵᠢᠨ᠎ᠬᠢᠨ᠎ᠢ ᠲᠣᠬᠣᠨᠢᠭᠤᠯᠵᠠᠢ᠃
      1 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠣᠣ ᠱ᠌ᠢ ᠳ᠋ᠧ ᠨᠠᠷ ᠤᠷᠢᠳ ᠬᠣᠵᠢᠳ ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠶᠦᠨ ᠡᠯ ᠵᠦ᠋ ᠪᠣᠯᠣᠨ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠠᠷᠤᠭ᠎ᠠ ᠸᠠᠩ ᠵᠢᠶᠦ᠋ᠨ ᠫᠦ᠋ ᠵᠢᠨ ᠭᠡᠷ᠎ᠲᠤ ᠬᠦᠷᠴᠦ ᠲᠣᠬᠣᠨᠢᠭᠤᠯᠵᠤ᠂ ᠠᠬᠠᠮᠠᠳ ᠨᠥᠬᠥᠳ᠎ᠤᠨ ᠪᠡᠶ᠎ᠡ ᠵᠢᠨ ᠪᠠᠶ᠋ᠢᠳᠠᠯ ᠪᠠ ᠠᠮᠢᠳᠤᠷᠠᠯ᠎ᠤᠨ ᠪᠠᠶ᠋ᠢᠳᠠᠯ᠎ᠢ ᠨᠠᠷᠢᠨ ᠣᠢ᠌ᠯᠠᠭ᠋ᠠᠭᠰᠠᠨ ᠪᠥᠭᠡᠳ ᠠᠬᠠᠮᠠᠳ ᠨᠥᠬᠥᠳ᠎ᠲᠠᠢ ᠤᠯᠠᠮᠵᠢᠯᠠᠯ᠎ᠤᠨ ᠲᠤᠬᠠᠢ ᠶᠠᠷᠢᠯᠴᠠᠵᠤ᠂ ᠬᠤᠪᠢᠷᠠᠯᠲᠠ ᠵᠢᠨ ᠲᠤᠬᠠᠢ ᠵᠣᠭᠣᠭᠳᠠᠵᠤ᠂ ᠬᠥᠭᠵᠢᠯᠲᠡ ᠵᠢᠨ ᠲᠤᠬᠠᠢ ᠬᠡᠯᠡᠯᠴᠡᠪᠡ᠃ ᠵᠤᠤ ᠱ᠌ᠢ᠎ᠳᠤ ᠠᠬᠠᠮᠠᠳ ᠨᠢᠭᠡ ᠦᠶ᠎ᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠥᠰ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ᠂ ᠠᠬᠠᠮᠠᠳ ᠨᠥᠬᠥᠳ᠎ᠢ ᠪᠡᠶ᠎ᠡ᠎ᠪᠠᠨ ᠰᠠᠶ᠋ᠢᠲᠤᠷ ᠭᠠᠮᠨᠠᠬᠤ ᠵᠢᠨ ᠬᠠᠮᠲᠤ ᠥᠩᠭᠡᠷᠡᠭᠰᠡᠨ᠎ᠲᠠᠢ᠎ᠪᠠᠨ ᠠᠳᠠᠯᠢ᠎ᠪᠠᠷ ᠮᠠᠨ᠎ᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠠᠯᠠᠮᠵᠢᠯᠠᠨ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠥᠨᠳᠥᠷ ᠲᠦᠪᠰᠢᠨ ᠵᠶ᠋ᠡᠷ ᠬᠠᠮᠠᠭ᠋ᠠᠯᠠᠬᠤ᠎ᠳᠤ ᠠᠷᠭ᠎ᠠ ᠤᠬᠠᠭ᠋ᠠᠨ ᠭᠠᠷᠭ᠋ᠠᠬᠤ ᠵᠢ ᠵᠣᠷᠢᠭᠵᠢᠭᠤᠯᠪᠠ᠃ ᠲᠣᠬᠣᠨᠢᠭᠤᠯᠬᠤ ᠶᠠᠪᠤᠴᠠ᠎ᠳᠤ᠂ ᠵᠤᠤ ᠱ᠌ᠢ᠎ᠳᠤ ᠠᠵᠢᠯᠲᠠᠳ᠎ᠲᠤ᠂ ᠠᠬᠠᠮᠠᠳ ᠺᠠᠳ᠋ᠷᠴᠤᠳ᠎ᠢ ᠰᠠᠶ᠋ᠢᠲᠤᠷ ᠬᠠᠯᠠᠮᠵᠢᠯᠠᠨ ᠰᠠᠶ᠋ᠢᠲᠤᠷ ᠬᠠᠷᠠᠭ᠋ᠠᠯᠵᠠᠵᠤ᠂ ᠲᠡᠳᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢ᠎ᠳᠤᠨᠢ ᠣᠢ᠌ᠯᠠᠭ᠋ᠠᠵᠤ᠂ ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠠᠬᠠᠮᠠᠳ ᠺᠠᠳ᠋ᠷᠴᠤᠳ᠎ᠤᠨ ᠠᠵᠢᠯ᠎ᠢ ᠰᠡᠳᠬᠢᠯ ᠲᠠᠯᠪᠢᠨ ᠰᠠᠶ᠋ᠢᠲᠤᠷ ᠬᠢᠬᠦ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃
      ᠲᠣᠰ ᠤᠳᠠᠭ᠋ᠠᠨ᠎ᠤ ᠠᠵᠢᠯᠯᠠᠭ᠎ᠠ᠎ᠳᠤ ᠪᠠᠰᠠ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷᠴᠤᠳ᠎ᠢ ᠵᠣᠬᠢᠶᠠᠨ ᠪᠠᠢ᠌ᠭᠤᠯᠤᠨ ᠪᠥᠬᠥ ᠤᠯᠤᠰ᠎ᠤᠨ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠲᠡᠷᠢᠭᠦᠨ᠎ᠤ ᠬᠠᠮᠲᠤ ᠪᠣᠯᠣᠨ ᠲᠡᠷᠢᠭᠦᠨ᠎ᠤ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠥᠪᠯᠡᠷᠡᠭᠦᠯᠦᠨ ᠰᠤᠷᠤᠯᠴᠠᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠠᠶ᠋ᠢᠳᠠᠯ᠎ᠤᠨ ᠲᠤᠬᠠᠢ ᠮᠡᠳᠡᠭᠡᠯᠡᠯ》᠎ᠢ ᠤᠯᠠᠮᠵᠢᠯᠠᠬᠤ ᠵᠢᠨ ᠬᠠᠮᠲᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃
      ᠠᠬᠠᠮᠠᠳ ᠨᠥᠬᠥᠳ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠬᠠᠮᠠᠳ ᠺᠠᠳ᠋ᠷᠴᠤᠳ᠎ᠤᠨ ᠠᠵᠢᠯ᠎ᠢ ᠴᠢᠬᠤᠯᠠᠴᠢᠯᠠᠵᠤ ᠪᠠᠶ᠋ᠢᠬᠤ᠎ᠳᠤ ᠲᠠᠯᠠᠷᠬᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠢ ᠦᠷᠭᠦᠯᠵᠢᠯᠡᠨ ᠠᠩᠬᠠᠷᠤᠨ ᠳᠡᠮᠵᠢᠵᠦ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ᠎ᠢ ᠴᠥᠬᠥᠷᠡᠰᠢ ᠦᠭᠡᠢ ᠪᠠᠳᠠᠷᠠᠭᠤᠯᠵᠤ᠂ ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠦᠯᠡᠳᠡᠭᠳᠡᠯ ᠢᠯᠴᠢ᠎ᠪᠠᠨ ᠪᠠᠳᠠᠷᠠᠭᠤᠯᠵᠤ᠂ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
      ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠠᠨ ᠵᠢᠶᠦ᠋ᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠠᠨ ᠮᠢᠩ ᠱ᠌ᠢ᠂ ᠸᠠᠩ ᠢ ᠯᠢᠩ᠂ ᠸᠧᠢ ᠾᠧ ᠵᠠᠩ᠂ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ᠂ ᠲᠢᠩᠬᠢᠮ᠎ᠤᠨ ᠶᠡᠷᠦᠩᠬᠡᠢ ᠢᠨᠵᠧᠨᠧᠷ ᠯᠢ ᠹᠠᠩ ᠵᠡᠷᠭᠡ ᠤᠳᠤᠷᠢᠳᠤᠯᠭ᠎ᠠ ᠲᠣᠰ ᠲᠣᠰ ᠬᠠᠮᠢᠶ᠎ᠠ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠨ᠎ᠢ ᠳᠠᠭ᠋ᠠᠭᠤᠯᠤᠨ᠂ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠤ ᠪᠠ ᠤᠲᠠᠰᠤ᠎ᠪᠠᠷ ᠲᠣᠬᠣᠨᠢᠭᠤᠯᠬᠤ ᠵᠡᠷᠭᠡ ᠬᠡᠯᠪᠡᠷᠢ᠎ᠪᠠᠷ ᠴᠠᠭ᠋ᠠᠨ ᠰᠠᠷ᠎ᠠ ᠵᠢᠨ ᠲᠣᠬᠣᠨᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠠᠶᠠᠷ᠎ᠤᠨ ᠡᠳᠦᠷ᠎ᠤᠨ ᠵᠥᠩᠨᠡᠯ ᠪᠠ ᠵᠣᠬᠢᠶᠠᠨ ᠪᠠᠢ᠌ᠭᠤᠯᠤᠯᠲᠠ ᠵᠢᠨ ᠬᠠᠯᠠᠮᠵᠢᠯᠠᠯ᠎ᠢ ᠠᠬᠠᠮᠠᠳ ᠺᠠᠳ᠋ᠷ ᠨᠢᠭᠡᠪᠦᠷᠢ ᠵᠢᠨ ᠰᠡᠳᠬᠢᠯ᠎ᠳᠤ ᠴᠠᠭ ᠲᠤᠬᠠᠢ᠎ᠳᠤᠨᠢ ᠬᠦᠷᠭᠡᠭᠰᠡᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠶᠤᠸᠠᠨ ᠵᠢᠩ ᠬᠤᠢ ᠵᠡᠷᠭᠡ ᠨᠥᠬᠥᠷ ᠲᠤᠰᠢᠶᠠᠯ ᠡᠭᠦᠷᠭᠡᠯᠡᠵᠦ ᠪᠠᠶ᠋ᠢᠬᠤ ᠲᠤᠬᠠᠶ ᠮᠡᠳᠡᠭᠳᠡᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠵᠣᠣ ᠸᠸᠢ ᠹᠸᠩ ᠵᠡᠷᠭᠡ ᠨᠥᠬᠥᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠲᠤᠬᠠᠶ ᠮᠡᠳᠡᠭᠳᠡᠯ
ᠲᠤᠰᠢᠶᠠᠯ᠎ᠳᠤ ᠲᠣᠮᠢᠯᠠᠬᠤ᠎ᠪᠠᠷ ᠪᠠᠶ᠋ᠢᠭ᠎ᠠ ᠭᠠᠵᠠᠷ᠎ᠤᠨ ᠳᠡᠰ᠎ᠤᠨ ᠺᠠᠳ᠋ᠷ ᠲᠤᠬᠠᠶ ᠢᠯᠡ ᠨᠡᠶ᠋ᠢᠲᠡᠯᠡᠬᠦ ᠠᠯᠪᠠᠨ ᠵᠠᠷᠯᠠᠯ
ᠪᠦᠬᠦ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠲᠤᠬᠠᠶ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠦᠨ᠎ᠢ ᠰᠣᠩᠭᠣᠨ ᠲᠠᠨᠢᠯᠴᠠᠭᠤᠯᠬᠤ᠎ᠪᠠᠷ ᠪᠠᠶ᠋ᠢᠭ᠎ᠠ ᠡᠲᠡᠭᠡᠳ᠎ᠤᠨ ᠨᠡᠢ᠌ᠲᠡᠯᠡᠯ
 
             蒙ICP备05000248号