1 ᠰᠠᠷ᠎ᠠ ᠵᠢᠨ 17᠎ᠤ ᠡᠳᠦᠷ᠎ᠤᠨ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠠᠷᠠᠳᠴᠢᠯᠠᠯ ᠵᠶ᠋ᠠᠷ ᠦᠨᠡᠯᠡᠪᠡ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠬᠤᠷᠠᠯ᠎ᠢ ᠡᠷᠭᠢᠯᠡᠭᠰᠡᠨ ᠪᠥᠭᠡᠳ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠢ ᠲᠥᠯᠥᠭᠡᠯᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠲᠤᠰᠢᠶᠠᠯ᠎ᠤᠨ ᠮᠡᠳᠡᠭᠦᠯᠦᠯᠲᠡ ᠵᠢ ᠨᠢᠭᠡᠳ ᠨᠢᠭᠡ᠎ᠪᠠᠷ ᠦᠨᠡᠯᠡᠵᠦ᠂ ᠠᠮᠵᠢᠯᠲᠠ ᠪᠦᠲᠦᠮᠵᠢ ᠵᠢ᠎ᠨᠢ ᠨᠤᠲᠠᠯᠠᠵᠤ᠂ ᠠᠰᠠᠭᠤᠳᠠᠯ᠎ᠢ ᠵᠢᠭ᠋ᠠᠨ ᠭᠠᠷᠭ᠋ᠠᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ ᠵᠢ ᠳᠤᠷᠠᠳᠴᠠᠢ᠃
ᠬᠤᠷᠠᠯ᠎ᠠᠴᠠ᠂ 2024 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠯᠭ᠎ᠠ ᠵᠢ ᠪᠠᠲᠤ ᠴᠢᠩᠭ᠎ᠠ ᠪᠥᠭᠡᠳ ᠬᠦᠴᠦᠲᠡᠢ ᠪᠣᠯᠭ᠋ᠠᠵᠤ᠂ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤ ᠵᠢ ᠲᠠᠰᠤᠷᠠᠯᠳᠠ ᠦᠭᠡᠢ ᠪᠡᠬᠢᠵᠢᠭᠦᠯᠵᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠤᠯᠤᠰ ᠲᠥᠷᠥ ᠵᠢᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ 《ᠤᠮᠠᠷᠠᠲᠤ ᠵᠢᠨ ᠵᠢᠱ᠌ᠢᠶᠡᠴᠢ ᠪᠠᠢ᠌ᠭᠤᠯᠭ᠎ᠠ ᠲᠡᠷᠢᠭᠦᠨ᠎ᠤ ᠨᠢᠭᠡᠴᠢ ᠵᠢ ᠡᠭᠦᠳᠦᠨ ᠪᠠᠢ᠌ᠭᠤᠯᠬᠤ》 ᠵᠢᠱ᠌ᠢᠶ᠎ᠡ ᠦᠵᠡᠭᠦᠯᠵᠦ ᠥᠯᠢᠭᠡᠷ ᠳᠠᠭᠤᠷᠢᠶᠠᠯ ᠦᠵᠡᠭᠦᠯᠬᠦ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠵᠢ ᠭᠦᠨᠵᠡᠭᠡᠢ᠌ᠷᠡᠭᠦᠯᠵᠦ᠂ ᠨᠠᠮ᠎ᠤᠨ ᠠᠵᠢᠯ᠎ᠤᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠲᠤᠪᠤᠢ᠍ᠢ᠍ᠯᠭ᠋ᠠᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠣᠯᠣᠨ 《ᠶᠡᠬᠡ ᠠᠮᠢ ᠠᠬᠤᠢ》 ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠰᠢᠨ᠎ᠡ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠢ ᠠᠭᠤᠰᠤᠯᠴᠠᠭᠤᠯᠬᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠵᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠬᠦ ᠬᠡᠷᠡᠭᠲᠡᠢ᠃ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠵᠢ ᠭᠦᠨᠵᠡᠭᠡᠢ᠌ᠷᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠬᠤ ᠪᠠ ᠤᠷᠳᠤ ᠬᠤᠭᠤᠴᠠᠭ᠋ᠠᠨ᠎ᠤ ᠪᠦᠲᠦᠮᠵᠢᠲᠡᠢ ᠪᠣᠯᠭ᠋ᠠᠬᠤ ᠵᠢ ᠠᠬᠢᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠵᠥᠪ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠣᠯᠭ᠋ᠠᠬᠤ ᠪᠠ ᠦᠢ᠍ᠯᠡᠳᠦᠯᠭᠡᠵᠢᠭᠦᠯᠵᠦ᠂ ᠪᠣᠳᠠᠲᠠᠢ ᠠᠵᠢᠯᠯᠠᠬᠤ ᠵᠢ ᠴᠢᠬᠤᠯᠠᠴᠢᠯᠠᠬᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠣᠯᠬᠤ ᠵᠢ ᠡᠷᠬᠢᠮᠯᠡᠬᠦ ᠬᠡᠪ ᠰᠤᠷᠲᠠᠯ᠎ᠢ ᠪᠣᠢ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠵᠥᠪᠯᠡᠯᠭᠡᠨ᠎ᠤ ᠭᠡᠰᠢᠭᠦᠳ ᠬᠤᠷᠠᠯ᠎ᠳᠤ ᠣᠷᠣᠯᠴᠠᠪᠠ᠃