ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠲᠤᠢ᠌ᠯ᠎ᠤᠨ ᠤᠨᠤᠪᠴᠢᠳᠠᠢ᠎ᠪᠠᠷ ᠤᠢ᠌ᠯᠡᠴᠢᠯᠡᠨ CCUS ᠲᠦᠷᠦᠯ ᠵᠦᠢ᠍ᠯ᠎ᠳᠤ ᠡᠨᠧᠷᠭᠢ ᠤᠯᠭᠤᠶ᠎ᠠ ᠪᠣᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2023-03-15

    ᠪᠤᠭᠤᠲᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠤᠯᠤᠰ᠎ᠤᠨ ᠳᠣᠲᠣᠭ᠋ᠠᠳᠤ ᠵᠢᠨ ᠬᠠᠮᠤᠭ᠎ᠤᠨ ᠲᠣᠮᠣ᠂ ᠪᠣᠯᠣᠳ ᠲᠡᠮᠦᠷ᠎ᠤᠨ ᠠᠵᠢᠯ ᠲᠥᠷᠥᠯ᠎ᠤᠨ ᠠᠩᠬᠠᠳᠠᠭᠴᠢ CCUS ᠪᠥᠬᠥ ᠠᠵᠤ ᠦᠢ᠍ᠯᠡᠰ᠎ᠤᠨ ᠬᠡᠯᠬᠢᠶᠡᠨ᠎ᠤ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ᠎ᠳᠤ ᠬᠦᠴᠦ ᠨᠡᠮᠡᠷᠢᠯᠡᠵᠦ᠂ ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 200 ᠲᠦᠮᠡᠨ ᠲᠣᠨ CCUS ᠨᠢᠭᠡᠳᠦᠭᠡᠷ ᠬᠤᠭᠤᠴᠠᠭ᠋ᠠᠨ᠎ᠤ 50 ᠲᠦᠮᠡᠨ ᠲᠣᠨ᠎ᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠠᠬᠢᠭᠤᠯᠤᠨ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ᠎ᠳᠤ ᠲᠦᠷᠭᠡᠭᠡᠨ ᠤᠷᠤᠭᠤᠯᠵᠤ ᠢᠷᠡᠬᠦ ᠳᠠᠷᠤᠪᠴᠢ ᠵᠢ ᠳᠠᠷᠤᠵᠤ᠂ ᠨᠡᠭᠦᠷᠡᠰᠦᠲᠥ᠋ᠷᠥᠭᠴᠢ ᠵᠢ ᠬᠤᠷᠠᠭᠤᠯᠵᠤ ᠴᠤᠭᠯᠠᠭᠤᠯᠬᠤ᠂ ᠠᠰᠢᠭᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠵᠢᠴᠢ ᠠᠵᠤ ᠦᠶ᠋ᠢᠯᠡᠰᠵᠢᠭᠦᠯᠬᠦ ᠠᠬᠢᠴᠠ ᠵᠢ ᠢᠳᠡᠪᠬᠢᠲᠡᠶ ᠠᠬᠢᠭᠤᠯᠤᠨ᠎ᠠ᠃ ᠭᠤᠷᠪᠠᠨ ᠵᠦᠢ᠍ᠯ᠎ᠤᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠠᠪᠴᠤ᠂ ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ CCUS ᠪᠥᠬᠥ ᠠᠵᠤ ᠦᠢ᠍ᠯᠡᠰ᠎ᠤᠨ ᠬᠡᠯᠬᠢᠶᠡᠵᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠦᠭᠳᠡᠬᠦ ᠵᠢ ᠪᠥᠬᠥ ᠬᠦᠴᠦᠨ ᠵᠶ᠋ᠠᠷ ᠵᠶ᠋ᠠᠨ ᠪᠠᠲᠤᠯᠠᠨ᠎ᠠ᠃ ᠨᠢᠭᠡ᠎ᠳᠤ᠂ ᠤᠷᠢᠳ ᠵᠶ᠋ᠠᠷ ᠦᠢ᠍ᠯᠡᠴᠢᠯᠡᠬᠦ᠎ᠳᠤ ᠣᠷᠣᠯᠴᠠᠬᠤ ᠬᠡᠷᠡᠭᠲᠡᠶ᠃ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢᠨ ᠨᠢᠭᠡᠳᠦᠭᠡᠷ ᠬᠤᠭᠤᠴᠠᠭ᠋ᠠᠨ᠎ᠤ 50 ᠲᠦᠮᠡᠨ ᠲᠣᠨ᠎ᠤ CCUS ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠨᠢ ᠪᠤᠯᠤᠳ ᠲᠡᠮᠤᠷ᠎ᠤᠨ ᠠᠵᠢᠯ ᠲᠦᠷᠦᠯ᠎ᠳᠤ ᠴᠢᠬᠤᠯᠠ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ᠎ᠲᠠᠢ ᠪᠠᠶ᠋ᠢᠵᠤ᠂ ᠤᠯᠤᠰ᠎ᠤᠨ ᠪᠠᠶ᠋ᠢᠯᠳᠤᠬᠤ ᠪᠤᠳᠤᠯᠭ᠎ᠠ ᠪᠠ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠪᠣᠬᠢᠷᠲᠤᠯ ᠦᠭᠡᠢ ᠬᠥᠭᠵᠢᠯᠲᠡ᠎ᠳᠤ ᠦᠢ᠍ᠯᠡᠴᠢᠯᠡᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠎ᠨᠢ ᠲᠦᠷᠦᠯ ᠵᠦᠢ᠍ᠯ᠎ᠳᠤ ᠤᠷᠢᠳᠴᠢᠯᠠᠨ ᠣᠷᠣᠯᠴᠠᠨ ᠲᠥᠯᠥᠪᠵᠢᠭᠦᠯᠵᠦ᠂ ᠠᠵᠤ ᠠᠬᠤᠶ᠋ᠢᠯᠠᠯ᠎ᠤᠨ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠥᠷᠨᠢᠭᠦᠯᠬᠦ ᠵᠢ ᠵᠢᠯᠣᠭᠣᠳᠤᠨ᠎ᠠ᠃ ᠠᠮᠢ ᠠᠬᠤᠶ ᠣᠷᠴᠢᠨ ᠲᠣᠭᠣᠷᠢᠨ᠎ᠤ ᠵᠥᠪᠰᠢᠶᠡᠷᠡᠨ ᠣᠷᠣᠭᠤᠯᠬᠤ ᠵᠢ ᠬᠥᠲᠥᠯᠦᠨ ᠵᠢᠯᠣᠭᠣᠳᠬᠤ ᠵᠢ ᠴᠢᠩᠭ᠋ᠠᠳᠬᠠᠵᠤ᠂ 《ᠭᠤᠷᠪᠠᠨ ᠱᠤᠭᠤᠮ ᠨᠢᠭᠡ ᠲᠠᠩᠰᠠ》 ᠵᠢᠨ ᠠᠮᠢ ᠠᠬᠤᠶ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠵᠦ ᠬᠡᠷᠡᠭᠯᠡᠬᠦ ᠵᠢ ᠦᠷᠭᠦᠯᠵᠢᠯᠡᠨ ᠠᠬᠢᠭᠤᠯᠵᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠵᠢ ᠬᠥᠲᠥᠯᠦᠨ ᠵᠢᠯᠣᠭᠣᠳᠴᠤ᠂ ᠲᠥᠷᠥᠯ ᠵᠦᠢ᠍ᠯ᠎ᠤᠨ ᠬᠠᠪᠲᠠᠭ᠋ᠠᠶ ᠪᠠᠶ᠋ᠢᠷᠢᠰᠢᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠵᠢᠯᠣᠭᠣᠳᠣᠯᠭ᠎ᠠ ᠵᠢ ᠴᠢᠩᠭ᠋ᠠᠳᠬᠠᠨ᠂ ᠠᠮᠢ ᠠᠬᠤᠶ ᠣᠷᠴᠢᠨ ᠲᠣᠭᠣᠷᠢᠨ᠎ᠤ ᠳᠠᠯᠳᠠ ᠬᠡᠮ᠎ᠢ ᠡᠮᠦᠨ᠎ᠡ ᠲᠠᠯ᠎ᠠ᠎ᠳᠤᠨᠢ ᠰᠢᠢ᠍ᠳᠪᠦᠷᠢᠯᠡᠵᠦ᠂ ᠪᠥᠲᠥᠭᠡᠨ ᠪᠠᠶ᠋ᠢᠭᠤᠯᠬᠤ ᠨᠢᠭᠡᠴᠢ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠭᠦᠢ᠍ᠴᠡᠳᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠣᠶᠠᠷ᠎ᠲᠤ᠂ ᠲᠤᠰᠬᠠᠶ ᠮᠡᠷᠭᠡᠵᠢᠯᠲᠡᠨ᠎ᠠᠴᠠ ᠰᠤᠳᠠᠯ ᠪᠠᠷᠢᠵᠦ ᠥᠨᠳᠥᠷ ᠪᠦᠲᠦᠮᠵᠢᠲᠡᠶ᠎ᠪᠠᠷ ᠦᠢ᠍ᠯᠡᠴᠢᠯᠡᠨ᠎ᠡ᠃ ᠲᠥᠷᠥᠯ ᠵᠦᠢ᠍ᠯ᠎ᠢ ᠭᠥᠯᠢᠶᠡᠨ ᠠᠪᠤᠭᠰᠠᠨ᠎ᠤ ᠳᠠᠷᠠᠭ᠎ᠠ᠂ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠳ᠎ᠢ ᠦᠳᠳᠦᠷ ᠲᠦᠷᠭᠡᠨ ᠵᠣᠬᠢᠶᠠᠨ ᠪᠠᠶ᠋ᠢᠭᠤᠯᠵᠤ ᠲᠤᠬᠠᠢ ᠵᠢᠨ ᠲᠠᠯᠠᠪᠤᠷ᠎ᠲᠤᠨᠢ ᠲᠥᠷᠥᠯ ᠵᠦᠢ᠍ᠯ᠎ᠤᠨ ᠠᠬᠤᠢ ᠲᠠᠯᠠᠪᠠᠢ ᠵᠢ ᠬᠠᠶ᠋ᠢᠨ ᠰᠢᠨᠵᠢᠵᠦ᠂ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠬᠤᠷᠠᠯᠳᠤᠭᠤᠯᠵᠤ᠂ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠪᠣᠯᠤᠨ ᠲᠥᠯᠥᠭᠡᠯᠡᠭᠴᠢᠳ ᠲᠥᠷᠥᠯ ᠵᠦᠢ᠍ᠯ᠎ᠤᠨ ᠬᠥᠭᠵᠢᠯᠲᠡ ᠵᠢᠴᠢ ᠪᠥᠲᠥᠭᠡᠨ ᠪᠠᠶ᠋ᠢᠭᠤᠯᠤᠯᠲᠠ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠬᠠᠮᠳᠤ᠎ᠪᠠᠷ ᠲᠥᠷᠥᠯ ᠵᠦᠢ᠍ᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠳᠤ ᠠᠷᠭ᠎ᠠ ᠤᠬᠠᠭ᠋ᠠᠨ ᠭᠠᠷᠭ᠋ᠠᠵᠤ᠂ ᠬᠢᠨᠠᠨ ᠬᠠᠷᠭᠤᠭᠤᠯᠵᠤ ᠪᠣᠭᠣᠮᠲᠠ ᠰᠠᠬᠢᠭ᠋ᠠᠳ᠂ ᠮᠡᠷᠭᠡᠵᠢᠯ᠎ᠤᠨ ᠦᠨᠡᠯᠡᠨ ᠵᠢᠱ᠌ᠢᠬᠦ ᠰᠠᠨᠠᠯ᠎ᠢ ᠪᠣᠶ ᠪᠣᠯᠭ᠋ᠠᠵᠤ᠂ ᠠᠵᠤ ᠠᠬᠤᠶ᠋ᠢᠯᠠᠯ᠎ᠤᠨ ᠠᠯᠢ ᠲᠦᠷᠭᠡᠨ ᠵᠶ᠋ᠠᠷ ᠠᠵᠢᠯ ᠵᠶ᠋ᠠᠨ ᠡᠬᠢᠯᠡᠭᠦᠯᠦᠨ ᠪᠥᠲᠥᠭᠡᠨ ᠪᠠᠶ᠋ᠢᠭᠤᠯᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠭᠤᠷᠪᠠ᠎ᠳᠤ᠂ ᠪᠥᠬᠥ ᠶᠠᠪᠤᠴᠠ᠎ᠳᠤ ᠦᠢ᠍ᠯᠡᠴᠢᠯᠡᠭᠡ ᠵᠢ ᠮᠥᠷᠳᠡᠨ ᠰᠢᠯᠢᠳᠡᠭᠵᠢᠭᠦᠯᠦᠨ᠎ᠡ᠃ ᠲᠤᠰᠬᠠᠶ ᠠᠩᠭᠢ ᠵᠣᠬᠢᠶᠠᠨ ᠪᠠᠶ᠋ᠢᠭᠤᠯᠵᠤ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠤᠨ ᠠᠬᠢᠴᠠ ᠵᠢ ᠴᠠᠭ ᠲᠤᠬᠠᠶ᠎ᠳᠤᠨᠢ ᠲᠣᠬᠢᠷᠠᠭᠤᠯᠤᠨ ᠲᠦᠷᠭᠡᠳᠬᠡᠵᠦ᠂ ᠣᠷᠴᠢᠨ ᠲᠤᠭᠤᠷᠢᠨ᠎ᠳᠤ ᠦᠵᠡᠭᠦᠯᠬᠦ ᠨᠥᠯᠥᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠶᠠᠰᠤ ᠴᠢᠨᠠᠷ᠎ᠢ ᠴᠠᠭ ᠲᠤᠬᠠᠶ᠎ᠳᠤᠨᠢ ᠨᠡᠪᠲᠡᠷᠡᠯᠴᠡᠨ ᠳᠡᠭᠡᠭᠰᠢᠯᠡᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠶᠡᠷᠦᠩᠬᠡᠶ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠨᠠᠶ᠋ᠢᠳᠠᠪᠤᠷᠢᠵᠢᠭᠤᠯᠬᠤ ᠪᠠ ᠣᠷᠣᠨ ᠪᠦᠰᠡ ᠵᠢᠨ ᠬᠠᠰᠤᠭᠳᠠᠯ᠎ᠢ ᠭᠦᠢ᠍ᠴᠡᠳ ᠵᠣᠯᠭ᠋ᠠᠭᠤᠯᠤᠨ᠎ᠠ᠃ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠪᠠᠲᠤᠯᠠᠭ᠎ᠠ ᠵᠢᠨ ᠦᠢ᠍ᠯᠡᠴᠢᠯᠡᠭᠡ ᠵᠢ ᠯᠠᠪᠳᠠᠭᠤᠨ ᠪᠦᠲᠦᠮᠵᠢᠲᠡᠶ ᠰᠠᠶ᠋ᠢᠲᠤᠷ ᠬᠢᠵᠦ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠨᠢᠭᠡᠳᠦᠭᠡᠷ ᠪᠣᠭᠣᠮᠲᠠ ᠵᠢ ᠰᠠᠶ᠋ᠢᠲᠤᠷ ᠰᠠᠬᠢᠵᠤ᠂ ᠴᠢᠬᠤᠯᠠ ᠶᠡᠬᠡ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠵᠥᠪᠰᠢᠶᠡᠷᠡᠯ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ 《ᠰᠠᠷᠠᠭᠤᠯ》 ᠪᠣᠯᠤᠨ 《ᠠᠨᠠᠷ᠎ᠤᠨ ᠦᠷ᠎ᠡ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠪᠠᠶ᠋ᠢᠭᠤᠯᠪᠠ
ᠲᠤᠢ᠌ᠯ᠎ᠤᠨ ᠤᠨᠤᠪᠴᠢᠳᠠᠢ᠎ᠪᠠᠷ ᠤᠢ᠌ᠯᠡᠴᠢᠯᠡᠨ CCUS ᠲᠦᠷᠦᠯ ᠵᠦᠢ᠍ᠯ᠎ᠳᠤ ᠡᠨᠧᠷᠭᠢ ᠤᠯᠭᠤᠶ᠎ᠠ ᠪᠣᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠶ᠎ᠠ
【ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ 】 ᠵᠢᠨ〈ᠬᠤᠭ ᠨᠤᠪᠰᠢ〉 ᠵᠢ ᠠᠷᠢᠯᠭ᠋ᠠᠬᠤ ᠠᠵᠢᠯᠯᠠᠭ᠎ᠠ ᠵᠢ ᠰᠠᠶ᠋ᠢᠲᠤᠷ ᠬᠢᠵᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠣᠯ ᠰᠡᠳᠦᠪᠲᠦ ᠬᠥᠮᠦᠵᠢᠯ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ
ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠯ᠎ᠤᠨ ᠪᠣᠭᠣᠮᠲᠠ ᠵᠢ ᠪᠠᠲᠤ ᠰᠠᠬᠢᠵᠤ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠦᠨᠡᠯᠡᠯᠲᠡ ᠵᠢᠨ ᠰᠢᠯᠢᠳᠡᠭ ᠦᠢ᠍ᠯᠡᠴᠢᠯᠡᠭᠡ ᠵᠢ ᠬᠠᠩᠭ᠋ᠠᠵᠤ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠭᠡᠨ ᠬᠢᠨᠠᠨ ᠵᠥᠪᠰᠢᠶᠡᠷᠡᠵᠦ ᠪᠤᠳᠠᠳᠠᠢ᠌ᠵᠢᠭᠤᠯᠤᠭᠳᠠᠬᠤ ᠵᠢ ᠪᠠᠳᠤᠯᠠᠨ᠎ᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ 《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠪᠡ
 
             蒙ICP备05000248号