ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ ᠪᠣᠯᠤᠨ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠠᠵᠢᠯ᠎ᠢ ᠠᠭᠤᠰᠤᠯᠴᠠᠭᠤᠯᠤᠨ ᠠᠬᠢᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 10᠎ᠤ ᠡᠳᠦᠷ᠂ ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠎ᠨᠢ 《ᠬᠥᠬᠡᠮᠳᠦᠭ ᠨᠣᠭᠣᠭ᠋ᠠᠨ ᠠᠭᠤᠯᠠ ᠤᠰᠤᠨ᠎ᠳᠤᠨᠢ ᠨᠠᠮ᠎ᠤᠨ ᠲᠤᠭ ᠵᠶ᠋ᠠᠨ ᠨᠠᠮᠢᠷᠠᠭ᠋ᠠᠨ᠂ ᠠᠮᠢ ᠠᠬᠤᠢ ᠵᠢᠨ ᠲᠡᠮᠤᠷ ᠵᠠᠮ᠎ᠤᠨ ᠴᠡᠷᠢᠭ ᠵᠶ᠋ᠠᠷ ᠬᠣᠰᠢᠭᠤᠴᠢᠯᠠᠭᠰᠠᠨ》 ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ 《ᠰᠠᠷᠠᠭᠤᠯ》 ᠪᠣᠯᠤᠨ 《ᠠᠨᠠᠷ᠎ᠤᠨ ᠦᠷ᠎ᠡ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠪᠠᠢ᠌ᠭᠤᠯᠬᠤ ᠶᠣᠰᠣᠯᠠᠯ ᠶᠠᠪᠤᠭᠤᠯᠵᠠᠢ᠃ ᠶᠣᠰᠣᠯᠠᠯ ᠳᠡᠭᠡᠷ᠎ᠡ᠂ ᠬᠤᠳᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠨᠡᠶ᠋ᠢᠭᠡᠮᠯᠢᠭ᠎ᠤᠨ ᠨᠠᠮ᠎ᠤᠨ ᠡᠭᠦᠷ᠎ᠤᠨ ᠱᠦᠵᠢ᠂ ᠨᠡᠶ᠋ᠢᠭᠡᠮᠯᠢᠭ᠎ᠤᠨ ᠳᠠᠷᠤᠭ᠎ᠠ ᠳ᠋ᠠᠢ ᠱᠧᠤ ᠶᠠᠩ 《ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠰᠠᠨᠠᠭ᠋ᠠᠴᠢᠯᠠᠭ᠎ᠠ ᠵᠢᠨ ᠪᠢᠴᠢᠭ》᠎ᠢ ᠤᠩᠰᠢᠵᠤ᠂ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠭᠤᠤ ᠱᠠᠨ 《ᠰᠠᠷᠠᠭᠤᠯ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠵᠢᠨ ᠲᠥᠯᠥᠭᠡᠯᠡᠭᠴᠢᠳ᠎ᠲᠤ ᠲᠤᠭ ᠣᠯᠭᠣᠵᠤ᠂ ᠲᠤᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠪᠣᠯᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠵᠢᠨ ᠲᠥᠯᠥᠭᠡᠯᠡᠭᠴᠢᠳ᠎ᠲᠤ ᠬᠠᠮᠲᠤ ᠵᠢᠨ ᠰᠡᠭᠦᠳᠡᠷ ᠲᠠᠲᠠᠭᠤᠯᠤᠨ ᠳᠤᠷᠠᠰᠬᠠᠯ ᠦᠯᠡᠳᠡᠭᠡᠵᠦ᠂ ᠬᠤᠳᠠ ᠵᠢᠨ ᠤᠷᠠᠨ ᠪᠢᠴᠢᠯᠭᠡᠲᠡᠨ᠎ᠤ ᠨᠡᠶ᠋ᠢᠭᠡᠮᠯᠢᠭ᠎ᠤᠨ ᠨᠡᠷ᠎ᠡ ᠬᠦᠨᠳᠦᠲᠦ ᠲᠡᠷᠢᠭᠦᠯᠡᠭᠴᠢ ᠰᠢᠤᠸᠠᠢ ᠴᠢᠩ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ᠎ᠳᠤ ᠪᠢᠴᠢᠭᠡᠰᠦ ᠪᠢᠴᠢᠵᠦ ᠦᠭᠪᠡ᠃ ᠲᠠᠷᠠᠭ᠋ᠠᠴᠢ᠎ᠪᠠᠷ᠂ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶᠠᠨ᠎ᠤ 《ᠰᠠᠷᠠᠭᠤᠯ》 ᠪᠣᠯᠤᠨ 《ᠠᠨᠠᠷ᠎ᠤᠨ ᠦᠷ᠎ᠡ》 ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠤᠬᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠵᠶ᠋ᠡᠨ ᠪᠣᠯᠭ᠋ᠠᠨ᠎ᠠ᠃ ᠡᠯ᠎ᠡ ᠲᠥᠷᠥᠯ᠎ᠤᠨ ᠪᠣᠯᠪᠠᠰᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ 《ᠬᠥᠬᠡᠮᠳᠦᠭ ᠨᠣᠭᠣᠭ᠋ᠠᠨ ᠠᠭᠤᠯᠠ ᠤᠰᠤᠨ᠎ᠳᠤᠨᠢ ᠨᠠᠮ᠎ᠤᠨ ᠲᠤᠭ ᠵᠶ᠋ᠠᠨ ᠨᠠᠮᠢᠷᠠᠭ᠋ᠠᠨ᠂ ᠠᠮᠢ ᠠᠬᠤᠢ ᠵᠢᠨ ᠲᠡᠮᠤᠷ ᠵᠠᠮ᠎ᠤᠨ ᠴᠡᠷᠢᠭ ᠵᠶ᠋ᠠᠷ ᠬᠣᠰᠢᠭᠤᠴᠢᠯᠠᠭᠰᠠᠨ》 ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠥᠷᠥᠯ ᠲᠡᠮᠳᠡᠭ᠎ᠤᠨ ᠤᠬᠠᠭᠤᠯᠭ᠎ᠠ᠎ᠲᠠᠢ ᠤᠶᠠᠯᠳᠤᠭᠤᠯᠤᠨ᠂ ᠪᠣᠯᠪᠠᠰᠤᠨ ᠬᠣᠲᠠ ᠵᠢ ᠡᠭᠦᠳᠦᠨ ᠪᠠᠶ᠋ᠢᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ᠂ ᠶᠠᠳᠠᠭᠤ ᠵᠢ ᠲᠡᠳᠬᠦᠵᠦ ᠬᠦᠴᠢᠷᠳᠡᠯᠲᠡᠶ ᠵᠢ ᠬᠠᠪᠰᠤᠷᠬᠤ᠂ ᠴᠡᠭ ᠲᠤᠭᠳᠠᠭ᠋ᠠᠨ ᠳᠠᠭ᠋ᠠᠭ᠋ᠠᠨ ᠬᠣᠯᠪᠣᠭ᠋ᠠᠯᠠᠬᠤ ᠵᠡᠷᠭᠡ ᠠᠵᠢᠯ᠎ᠳᠤ ᠢᠳᠡᠪᠬᠢᠲᠡᠶ ᠣᠷᠣᠯᠴᠠᠵᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠨᠠᠮ᠎ᠤᠨ ᠰᠡᠳᠬᠢᠯ ᠪᠠ ᠬᠠᠷᠢᠭᠤᠴᠠᠯᠭ᠎ᠠ᠎ᠪᠠᠷ ᠰᠠᠶ᠋ᠢᠨ ᠳᠤᠷ᠎ᠠ ᠵᠢᠨ ᠠᠵᠢᠯᠯᠠᠭᠴᠢ ᠬᠢᠭᠡᠳ ᠣᠯᠠᠨ ᠲᠦᠮᠡᠨ᠎ᠤ ᠬᠣᠭᠣᠷᠣᠨᠳᠣᠬᠢ 《ᠰᠡᠳᠭᠢᠯ᠎ᠤᠨ ᠬᠤᠯᠪᠤᠭ᠋ᠠᠰᠤ ᠬᠥᠭᠥᠷᠭᠡ》 ᠵᠢ ᠪᠤᠰᠬᠠᠵᠤ᠂ ᠪᠥᠬᠥ ᠬᠣᠲᠠ ᠵᠢᠨ ᠠᠵᠤ ᠠᠬᠤᠶ ᠨᠡᠶ᠋ᠢᠭᠡᠮ᠎ᠤᠨ ᠪᠥᠲᠥᠭᠡᠨ ᠪᠠᠶ᠋ᠢᠭᠤᠯᠤᠯᠲᠠ᠎ᠳᠤ ᠬᠤᠪᠢ ᠨᠡᠮᠡᠷᠢ᠎ᠪᠠᠨ ᠦᠵᠡᠭᠦᠯᠦᠨ᠎ᠡ᠃