《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠬᠥᠮᠦᠵᠢᠯ᠎ᠤᠨ ᠶᠡᠷᠦᠩᠬᠡᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠥᠷᠲᠡᠭᠡᠨ᠎ᠤ ᠰᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠠᠵᠢᠯᠲᠠᠨ ᠠᠵᠢᠯᠴᠢᠨ᠎ᠤ ᠪᠡᠶ᠎ᠡ ᠰᠡᠳᠬᠢᠯ᠎ᠤᠨ ᠡᠷᠡᠭᠦᠯ ᠮᠠᠨᠳᠤ ᠵᠢ ᠠᠬᠢᠭᠤᠯᠵᠤ᠂ ᠬᠠᠮᠲᠤ ᠵᠢᠨ ᠢᠷᠠᠭᠤ ᠠᠯᠳᠠᠷᠲᠤ ᠰᠡᠳᠬᠢᠯᠭᠡ ᠪᠠ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠤᠨ᠂ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠲᠠᠨ ᠠᠵᠢᠯᠴᠢᠨ᠎ᠤ ᠪᠣᠬᠢᠷᠲᠤᠯ ᠦᠭᠡᠢ᠂ ᠠᠮᠢᠵᠢᠷᠠᠯ᠎ᠤᠨ ᠬᠦᠴᠦᠨ᠂ ᠬᠠᠮᠲᠤ᠎ᠪᠠᠷ ᠡᠳ᠋ᠯᠡᠬᠦ ᠣᠢ᠌ᠯᠠᠭ᠋ᠠᠭᠳᠠᠬᠤᠨ ᠵᠢᠴᠢ ᠠᠵᠢᠯ ᠬᠢᠵᠦ ᠦᠢ᠍ᠯᠡᠰ ᠪᠣᠰᠬᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠢᠯᠡᠷᠡᠭᠦᠯᠬᠦ ᠵᠢᠨ ᠲᠥᠯᠥᠭᠡ᠂ 6 ᠰᠠᠷ᠎ᠠ ᠵᠢᠨ 30᠎ᠤ ᠡᠳᠦᠷ᠎ᠠᠴᠠ 7 ᠰᠠᠷ᠎ᠠ ᠵᠢᠨ 2᠎ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠳᠣᠯᠣᠳᠤᠭ᠋ᠠᠷ ᠬᠤᠭᠤᠴᠠᠭ᠋ᠠᠨ᠎ᠤ ᠫᠢᠩᠫᠠᠩ ᠪᠥᠮᠪᠥᠭᠡ ᠵᠢᠨ ᠤᠷᠤᠯᠳᠤᠭ᠋ᠠᠨ᠎ᠢ ᠶᠠᠪᠤᠭᠳᠠᠭᠤᠯᠪᠠ᠂ ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ᠎ᠬᠢᠨ ᠡᠯ᠎ᠡ ᠬᠤᠪᠢᠶᠠᠷᠢ ᠥᠷᠲᠡᠭᠡ ᠵᠢᠨ᠎ᠬᠢᠨ᠎ᠠᠴᠠ ᠰᠣᠩᠭᠣᠨ ᠰᠢᠯᠭ᠋ᠠᠠᠷᠠᠭᠤᠯᠵᠤ ᠂ 22 ᠬᠥᠮᠥᠨ ᠵᠶ᠋ᠡᠷ ᠪᠦᠷᠢᠯᠳᠦᠭᠰᠡᠨ ᠲᠥᠯᠥᠭᠡᠯᠡᠭᠴᠢᠳ᠎ᠤᠨ ᠠᠩᠭᠢ ᠪᠦᠷᠢᠯᠳᠦᠭᠦᠯᠵᠦ ᠂ ᠲᠣᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠭᠤᠯᠪᠠ᠃
ᠲᠤᠰ ᠤᠳᠠᠭ᠋ᠠᠨ᠎ᠤ ᠠᠵᠢᠯᠯᠠᠭ᠎ᠠ᠎ᠨᠢ ᠡᠯ᠎ᠡ ᠬᠤᠪᠢᠶᠠᠷᠢ ᠥᠷᠲᠡᠭᠡᠨ᠎ᠤ ᠠᠵᠢᠯᠲᠠᠨ ᠠᠵᠢᠯᠴᠢᠳ᠎ᠤᠨ ᠬᠣᠭᠤᠷᠤᠨᠳᠤᠬᠢ ᠰᠣᠯᠢᠯᠴᠠᠭ᠎ᠠ ᠪᠠ ᠨᠡᠪᠲᠡᠷᠡᠯᠴᠡᠭᠡ ᠵᠢ ᠴᠢᠩᠭ᠋ᠠᠳᠬᠠᠵᠤ᠂ ᠫᠢᠩᠫᠠᠩ ᠪᠥᠮᠪᠥᠭᠡᠨ᠎ᠳᠤ ᠪᠠᠬᠠᠲᠠᠢ ᠬᠥᠮᠥᠰ᠎ᠲᠤ ᠨᠢᠭᠡ ᠤᠳᠠᠭ᠋ᠠᠨ᠎ᠤ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠨᠥᠬᠥᠷᠯᠡᠯ ᠵᠶ᠋ᠡᠨ ᠵᠤᠵᠠᠭ᠋ᠠᠳᠬᠠᠬᠤ ᠲᠣᠬᠢᠶᠠᠯ ᠣᠯᠭᠣᠵᠤ᠂ ᠪᠡᠶ᠎ᠡ ᠰᠡᠳᠬᠢᠯ᠎ᠤᠨ ᠳᠠᠷᠤᠭ᠋ᠠᠰᠤ ᠵᠢ ᠬᠥᠩᠭᠡᠯᠡᠨ᠂ ᠠᠵᠢᠯ᠎ᠳᠤ ᠰᠢᠨ᠎ᠡ ᠠᠮᠢᠵᠢᠷᠠᠯ᠎ᠤᠨ ᠬᠦᠴᠦᠨ ᠣᠯᠭᠣᠭᠰᠠᠨ ᠪᠠᠢ᠌ᠨ᠎ᠠ᠃ ᠡᠭᠦᠨ᠎ᠤ ᠬᠠᠮᠲᠤ᠂ ᠤᠷᠤᠯᠳᠤᠭ᠋ᠠᠨ᠎ᠳᠤ ᠣᠷᠣᠯᠴᠠᠭᠰᠠᠳ ᠪᠠᠰᠠ ᠣᠷᠭᠢᠯᠤᠮ᠎ᠠ ᠬᠠᠯᠠᠭᠤᠨ ᠰᠡᠳᠬᠢᠯᠭᠡ ᠡᠪᠦᠷᠯᠡᠨ᠂ ᠢᠲᠡᠭᠡᠯ ᠵᠣᠷᠢᠭ ᠪᠠᠳᠠᠷᠠᠩᠭᠤᠢ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠨ ᠳᠡᠯᠭᠡᠨ ᠦᠵᠡᠭᠦᠯᠵᠦ᠂ ᠬᠦᠴᠢᠷ ᠪᠡᠷᠬᠡ ᠵᠢ ᠢᠯᠠᠨ ᠳᠠᠪᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠬᠤᠪᠢ ᠨᠡᠮᠡᠷᠢ ᠦᠵᠡᠭᠦᠯᠵᠦ ᠴᠢᠳᠠᠬᠤ 《ᠣᠷᠴᠢᠨ ᠠᠬᠤᠢ ᠵᠢᠨ ᠬᠢᠨᠠᠨ ᠬᠡᠮᠵᠢᠯᠲᠡ ᠵᠢᠨ ᠬᠠᠳᠠᠨ ᠪᠠᠲᠤ ᠵᠣᠷᠢᠭ ᠰᠠᠨᠠᠭ᠎ᠠ》 ᠵᠢ ᠭᠦᠢ᠍ᠴᠡᠳ ᠪᠠᠳᠠᠷᠠᠭᠤᠯᠵᠤ᠂ ᠡᠷᠡᠭᠦᠯ ᠥᠭᠡᠳᠡᠷᠬᠡᠭ᠂ ᠪᠦᠯᠬᠦᠮᠳᠡᠨ ᠬᠠᠮᠵᠢᠯᠴᠠᠬᠤ᠂ ᠲᠡᠷᠢᠭᠦᠨ᠎ᠤ᠎ᠬᠢ ᠵᠢ ᠲᠡᠮᠡᠴᠡᠨ ᠣᠯᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠭᠰᠠᠨ ᠪᠠᠢ᠌ᠨ᠎ᠠ᠃ ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ᠎ᠬᠢᠨ ᠪᠦᠬᠦ ᠺᠠᠳ᠋ᠷ ᠠᠵᠢᠯᠲᠠᠨ᠎ᠢ ᠳᠠᠭ᠋ᠠᠭᠤᠯᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ 《ᠲᠤᠯᠭ᠋ᠠᠭᠤᠷᠢ》 ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ ᠪᠣᠯᠣᠨ ᠰᠠᠢ᠍ᠢ᠍ᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠲᠤ ᠣᠷᠣᠯᠴᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠰᠢᠨ᠎ᠡ ᠬᠦᠴᠦᠨ ᠨᠡᠮᠡᠷᠢᠯᠡᠬᠦ ᠪᠣᠯᠣᠨ᠎ᠠ᠃