ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ 《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2023-09-18

      ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠠᠵᠢᠯᠲᠠᠨ ᠠᠵᠢᠯᠴᠢᠨ᠎ᠤ ᠰᠢᠨ᠎ᠡ ᠡᠭᠦᠷᠭᠡᠯᠡᠯ᠂ ᠰᠢᠨ᠎ᠡ ᠵᠢᠳᠬᠦᠯ᠂ ᠰᠢᠨ᠎ᠡ ᠳᠦᠷᠰᠦ ᠪᠠᠶ᠋ᠢᠳᠠᠯ᠎ᠢ ᠳᠡᠯᠭᠡᠨ ᠦᠵᠡᠭᠦᠯᠵᠦ᠂ ᠨᠢᠭᠲᠠᠷᠠᠯ᠎ᠤᠨ ᠬᠦᠴᠦᠨ᠂ ᠲᠥᠪᠯᠡᠩᠭᠦᠶ ᠬᠦᠴᠦᠨ ᠪᠠ ᠪᠦᠲᠦᠭᠡᠯᠴᠢ ᠬᠦᠴᠦᠨ᠎ᠢ ᠦᠨᠡᠨᠬᠦ ᠴᠢᠩᠭ᠋ᠠᠳᠬᠠᠬᠤ ᠵᠢᠨ ᠲᠥᠯᠥᠭᠡ᠂ 5 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠬᠥᠬᠡᠬᠣᠲᠠ᠎ᠳᠤ 《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠢ ᠥᠷᠨᠢᠭᠦᠯᠵᠦ᠂ ᠡᠯ᠎ᠡ ᠬᠤᠪᠢᠶᠠᠷᠢ ᠥᠷᠲᠡᠭᠡ ᠵᠢᠨ ᠨᠠᠮ᠎ᠤᠨ ᠭᠡᠰᠢᠭᠦᠨ ᠺᠠᠳ᠋ᠷ ᠠᠵᠢᠯᠲᠠᠨ ᠰᠦᠯᠵᠢᠶᠡᠨ ᠳᠡᠭᠡᠷ᠎ᠡ ᠤᠷᠤᠯᠳᠤᠭ᠋ᠠᠨ᠎ᠤ ᠰᠢᠭᠤᠳ ᠨᠡᠪᠲᠡᠷᠡᠭᠦᠯᠭᠡ ᠵᠢ ᠰᠣᠨᠢᠷᠬᠠᠪᠠ᠃

      ᠬᠢᠨᠠᠨ ᠬᠡᠮᠵᠢᠬᠦ ᠶᠡᠷᠦᠩᠬᠡᠢ ᠥᠷᠲᠡᠭᠡᠨ᠎ᠤ ᠰᠢᠰᠲ᠋ᠧᠮ᠎ᠤᠨ 16 ᠨᠠᠮ᠎ᠤᠨ ᠡᠭᠦᠷ᠎ᠤᠨ 17 ᠳᠤᠭᠤᠢ᠌ᠯᠠᠩ᠎ᠤᠨ ᠣᠷᠣᠯᠴᠠᠭᠰᠠᠳ ᠭᠣᠣᠯ ᠰᠡᠳᠦᠪ᠎ᠤᠨ ᠲᠣᠭᠣᠷᠢᠨ᠎ᠳᠤ ᠠᠮᠢᠳᠤᠯᠢᠭ ᠪᠣᠳᠠᠲᠠᠢ ᠬᠡᠯᠡ ᠬᠡᠯᠡᠯᠭᠡ ᠦᠭᠡ ᠬᠡᠯᠡ ᠪᠠ ᠦᠨᠡᠨ ᠪᠣᠳᠠᠲᠠᠢ ᠬᠠᠶ᠋ᠢᠷ᠎ᠠ ᠰᠡᠳᠬᠢᠯᠭᠡ᠎ᠪᠠᠷ ᠬᠢᠨᠠᠨ ᠬᠡᠮᠵᠢᠬᠦ ᠶᠡᠷᠦᠩᠬᠡᠢ ᠥᠷᠲᠡᠭᠡᠨ᠎ᠤ ᠰᠢᠰᠲ᠋ᠧᠮ᠎ᠤᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠤ ᠨᠠᠮ ᠵᠶ᠋ᠠᠨ ᠬᠠᠢ᠌ᠷᠠᠯᠠᠬᠤ᠂ ᠤᠯᠤᠰ ᠵᠶ᠋ᠠᠨ ᠬᠠᠢ᠌ᠷᠠᠯᠠᠬᠤ ᠦᠨᠡᠨ ᠰᠡᠳᠬᠢᠯᠭᠡ ᠵᠢ ᠠᠳᠠᠯᠢ ᠪᠤᠰᠤ ᠲᠠᠯ᠎ᠠ᠎ᠠᠴᠠ ᠲᠣᠳᠣᠷᠠᠭᠤᠯᠵᠤ᠂ ᠬᠢᠨᠠᠨ ᠬᠡᠮᠵᠢᠬᠦ ᠶᠡᠷᠦᠩᠬᠡᠢ ᠥᠷᠲᠡᠭᠡᠨ᠎ᠤ ᠠᠵᠢᠯᠲᠠᠨ ᠠᠵᠢᠯᠴᠢᠨ᠎ᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠭᠣᠶᠠᠴᠢ ᠦᠭᠡᠢ᠎ᠪᠠᠷ ᠵᠢᠳᠬᠦᠬᠦ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠲᠦᠩᠯᠢᠶᠣᠣ ᠵᠢᠨ ᠬᠤᠪᠢᠶᠠᠷᠢ ᠥᠷᠲᠡᠭᠡ ᠵᠢᠨ ᠨᠠᠮ᠎ᠤᠨ ᠡᠭᠦᠷ᠎ᠤᠨ ᠯᠢᠦᠢ ᠲᠤᠤ᠂ 《ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠴᠢᠷᠮᠠᠢ᠌ᠨ ᠠᠵᠢᠯᠯᠠᠵᠤ ᠭᠠᠪᠢᠶ᠎ᠠ ᠪᠠᠢ᠌ᠭᠤᠯᠤᠨ ᠦᠢ᠍ᠯᠡᠰ ᠪᠣᠰᠬᠠᠰᠤᠭ᠋ᠠᠢ》 ᠭᠡᠬᠦ ᠰᠡᠳᠦᠪ ᠵᠶ᠋ᠡᠷ ᠥᠪᠡᠷ᠎ᠢ᠎ᠪᠠᠨ ᠬᠢᠨᠠᠨ ᠬᠡᠮᠵᠢᠬᠦ ᠠᠵᠢᠯ᠎ᠤᠨ ᠹᠷᠣᠨᠲ᠎ᠲᠠᠬᠢ ᠰᠢᠨ᠎ᠡ ᠬᠥᠮᠥᠨ ᠪᠣᠯᠤᠭᠰᠠᠨ᠎ᠤ ᠬᠤᠪᠢ᠎ᠳᠤ᠂ ᠳᠡᠷᠭᠡᠳᠡᠬᠢ ᠨᠠᠮ᠎ᠤᠨ ᠭᠡᠰᠢᠭᠦᠨ᠎ᠤ ᠥᠯᠢᠭᠡᠷ ᠳᠠᠭᠤᠷᠢᠶᠠᠯ᠎ᠤᠨ ᠤᠷᠢᠶᠠᠯᠠᠯ ᠳᠣᠣᠷ᠎ᠠ᠂ ᠬᠦᠴᠢᠷ᠎ᠢ ᠰᠥᠷᠦᠨ ᠤᠷᠤᠭᠰᠢᠯᠠᠵᠤ᠂ ᠮᠡᠷᠭᠡᠵᠢᠯ᠎ᠳᠡᠭᠡᠨ ᠴᠠᠭ᠋ᠠᠷᠠᠭᠰᠠᠨ ᠬᠢᠨᠠᠨ ᠬᠡᠮᠵᠢᠬᠦ ᠠᠵᠢᠯᠲᠠᠨ ᠪᠠ ᠨᠠᠮ᠎ᠳᠤ ᠣᠷᠣᠬᠤ ᠢᠳᠡᠪᠬᠢᠲᠡᠨ᠎ᠤ ᠦᠰᠦᠨ ᠪᠣᠢ᠌ᠵᠢᠭᠰᠠᠨ ᠥᠩᠭᠡᠷᠡᠯᠲᠡ᠎ᠪᠠᠨ ᠰᠡᠳᠬᠢᠯ ᠪᠠᠬᠠᠳᠤᠮ᠎ᠠ ᠶᠠᠷᠢᠵᠤ᠂ ᠤᠷᠤᠯᠳᠤᠭ᠋ᠠᠨ᠎ᠤ ᠡᠴᠦᠰ᠎ᠲᠤ ᠨᠢᠭᠡᠳᠦᠭᠡᠷ᠎ᠲᠤ ᠲᠣᠳᠣᠷᠠᠭᠰᠠᠨ ᠪᠠᠢ᠌ᠨ᠎ᠠ; ᠪᠠᠶᠠᠨᠨᠠᠭᠤᠷ᠎ᠤᠨ ᠬᠤᠪᠢᠶᠠᠷᠢ ᠥᠷᠲᠡᠭᠡᠨ᠎ᠤ ᠨᠠᠮ᠎ᠤᠨ ᠡᠭᠦᠷ᠎ᠤᠨ ᠵᠠᠩ ᠰᠢᠦᠢ᠂ 《ᠪᠢᠳᠡᠨ᠎ᠤ ᠬᠠᠷᠢᠭᠤᠯᠲᠠ》 ᠭᠡᠬᠦ ᠰᠡᠳᠦᠪ ᠵᠶ᠋ᠡᠷ ᠥᠪᠡᠷ᠎ᠤᠨ ᠵᠶ᠋ᠠᠨ ᠴᠡᠷᠢᠭ᠎ᠤᠨ ᠠᠯᠪᠠ ᠬᠠᠭ᠋ᠠᠵᠤ ᠪᠠᠢ᠌ᠭ᠎ᠠ ᠪᠦᠰᠡᠭᠦᠢ᠂ ᠬᠢᠵᠢᠭ᠎ᠲᠠᠢ ᠲᠡᠮᠡᠴᠡᠭᠰᠡᠨ ᠬᠠᠮᠲᠤ ᠰᠤᠷᠤᠭᠴᠢ᠂ ᠠᠵᠢᠯ ᠦᠢ᠍ᠯᠡᠰ ᠵᠶ᠋ᠡᠨ ᠳᠡᠭᠡᠳᠦᠯᠡᠵᠦ ᠡᠷᠡᠮᠡᠬᠡᠢ᠌ᠯᠡᠨ ᠠᠵᠢᠯᠯᠠᠵᠤ ᠪᠠᠢ᠌ᠭ᠎ᠠ ᠥᠷᠲᠡᠭᠡᠨ ᠳᠠᠷᠤᠭ᠎ᠠ ᠵᠢᠨ ᠵᠶ᠋ᠡᠨ ᠠᠳᠠᠯᠢ ᠪᠤᠰᠤ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠲᠡᠷᠡᠴᠢᠯᠡᠨ ᠭᠤᠶᠦᠴᠢ ᠦᠭᠡᠢ ᠬᠤᠪᠢ ᠨᠡᠮᠡᠷᠢ ᠦᠵᠡᠭᠦᠯᠦᠭᠰᠡᠨ ᠠᠵᠢᠯᠯᠠᠭ᠎ᠠ ᠵᠢ ᠰᠡᠳᠬᠢᠯ ᠳᠣᠭᠳᠣᠯᠤᠮ᠎ᠠ ᠲᠣᠭ᠋ᠠᠴᠢᠨ ᠶᠠᠷᠢᠵᠤ᠂ ᠬᠣᠶᠠᠳᠤᠭ᠋ᠠᠷ᠎ᠲᠤ ᠣᠷᠣᠵᠠᠢ; ᠠᠯᠪᠠᠨ ᠭᠡᠷ᠎ᠤᠨ ᠨᠠᠮ᠎ᠤᠨ ᠡᠭᠦᠷ᠎ᠤᠨ ᠦ᠋ ᠽᠦ᠍ ᠮᠢᠩ 《ᠡᠬᠡᠯ ᠵᠢᠷ᠎ᠤᠨ ᠠᠵᠢᠯ᠎ᠤᠨ ᠪᠠᠶ᠋ᠢᠷᠢ᠎ᠳᠤ ᠰᠠᠭᠤᠷᠢᠯᠠᠵᠤ᠂ ᠤᠷᠢ ᠵᠠᠯᠠᠭᠤ ᠵᠢᠨ ᠭᠡᠷᠡᠯ ᠭᠢᠯᠪᠠᠭ᠎ᠠ᠎ᠪᠠᠨ ᠪᠠᠳᠠᠷᠠᠭᠤᠯᠤᠶ᠎ᠠ》  ᠭᠡᠬᠦ ᠰᠡᠳᠦᠪᠲᠦ ᠶᠠᠷᠢᠶ᠎ᠠ ᠢᠯᠡᠳᠬᠡᠯ᠂ ᠤᠯᠠᠭ᠋ᠠᠨᠬᠠᠳᠠ ᠵᠢᠨ ᠬᠤᠪᠢᠶᠠᠷᠢ ᠥᠷᠲᠡᠭᠡᠨ᠎ᠤ ᠨᠠᠮ᠎ᠤᠨ ᠡᠭᠦᠷ᠎ᠤᠨ ᠲᠢᠶᠠᠨ ᠵᠢᠶᠠ ᠵᠢᠩ 《ᠤᠭ ᠰᠠᠨᠠᠭ᠎ᠠ᠎ᠪᠠᠨ ᠪᠠᠲᠤ ᠴᠡᠭᠡᠵᠢᠯᠡᠵᠦ᠂ ᠬᠦᠰᠡᠯ ᠵᠡᠭᠦᠳᠦ᠎ᠪᠠᠨ ᠦᠯᠦ ᠮᠠᠷᠲᠠᠮᠤᠢ》 ᠭᠡᠬᠦ ᠰᠡᠳᠦᠪᠲᠦ ᠶᠠᠷᠢᠶ᠎ᠠ ᠢᠯᠡᠳᠬᠡᠯ᠎ᠨᠢ ᠳᠡᠷᠭᠡᠳᠡᠬᠢ ᠥᠯᠢᠭᠡᠷ ᠵᠶ᠋ᠡᠷ ᠵᠶ᠋ᠡᠨ ᠳᠠᠮᠵᠢᠭᠤᠯᠵᠤ᠂ ᠬᠢᠨᠠᠨ ᠰᠢᠯᠭ᠋ᠠᠬᠤ ᠰᠢᠰᠲ᠋ᠧᠮ᠎ᠤᠨ ᠺᠠᠳ᠋ᠷ ᠠᠵᠢᠯᠲᠠᠨ᠎ᠤ ᠤᠨᠤᠯ᠎ᠤᠨ ᠰᠤᠷᠤᠯᠴᠠᠯᠭ᠎ᠠ᠂ ᠦᠵᠡᠯ ᠰᠠᠨᠠᠭ᠋ᠠᠨ᠎ᠤ ᠳᠡᠭᠡᠭᠰᠢᠯᠡᠯᠲᠡ᠂ ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠣᠯᠣᠭᠰᠠᠨ ᠠᠮᠵᠢᠯᠲᠠ ᠵᠢ ᠲᠣᠳᠣᠷᠠᠭᠤᠯᠵᠤ᠂ ᠵᠡᠷᠭᠡ᠎ᠪᠠᠷ ᠭᠤᠷᠪᠠᠳᠤᠭ᠋ᠠᠷ᠎ᠲᠤ ᠵᠢᠭᠰᠠᠭ᠋ᠠᠭᠳᠠᠪᠠ᠃ ᠨᠠᠮ᠎ᠤᠨ ᠪᠠᠢ᠌ᠭᠤᠯᠤᠯᠲᠠ ᠬᠢᠭᠡᠳ ᠠᠵᠢᠯᠲᠠᠨ᠎ᠤ ᠶᠠᠪᠤᠳᠠᠯ᠎ᠤᠨ ᠭᠠᠵᠠᠷ (ᠴᠠᠭᠳᠠᠨ ᠪᠠᠢ᠌ᠴᠠᠭ᠋ᠠᠬᠤ ᠠᠯᠪᠠᠨ ᠭᠡᠷ)᠂ ᠶᠡᠷᠦᠩᠬᠡᠢ᠌ᠯᠡᠨ ᠦᠨᠡᠯᠡᠬᠦ ᠲᠠᠰᠤᠭ ᠬᠢᠭᠡᠳ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠠᠰᠤᠭ᠎ᠤᠨ ᠬᠠᠮᠲᠤᠷᠠᠭᠰᠠᠨ ᠨᠠᠮ᠎ᠤᠨ ᠡᠭᠦᠷ᠂ ᠣᠷᠳᠣᠰ᠎ᠤᠨ ᠬᠤᠪᠢᠶᠠᠷᠢ ᠥᠷᠲᠡᠭᠡ ᠵᠢᠨ ᠨᠠᠮ᠎ᠤᠨ ᠡᠭᠦᠷ᠂ ᠰᠢᠯᠢ ᠵᠢᠨ ᠭᠣᠣᠯ᠎ᠤᠨ ᠬᠤᠪᠢᠶᠠᠷᠢ ᠥᠷᠲᠡᠭᠡ ᠵᠢᠨ ᠨᠠᠮ᠎ᠤᠨ ᠡᠭᠦᠷ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ ᠭᠥᠷᠳᠡᠪᠡ᠃

      ᠲᠤᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠬᠡᠮᠵᠢᠬᠦ ᠶᠡᠷᠦᠩᠬᠡᠢ ᠥᠷᠲᠡᠭᠡᠨ᠎ᠤ ᠵᠠᠯᠠᠭᠤ ᠺᠠᠳ᠋ᠷᠴᠤᠳ᠎ᠤᠨ ᠲᠤᠬᠠᠢ᠌ᠯᠠᠭᠰᠠᠨ ᠠᠵᠢᠯ᠎ᠳᠠᠭᠠᠨ ᠰᠠᠭᠤᠷᠢᠯᠠᠨ᠂ ᠲᠡᠷᠢᠭᠦᠨ᠎ᠤ᠎ᠬᠢ ᠵᠢ ᠡᠭᠦᠳᠴᠦ ᠰᠢᠯᠢᠳᠡᠭ ᠪᠣᠯᠬᠤ᠎ᠪᠠᠷ ᠴᠢᠷᠮᠠᠢ᠌ᠬᠤ ᠠᠵᠢᠯ᠎ᠤᠨ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠤᠷᠤᠯᠳᠤᠭ᠋ᠠᠨ᠎ᠢ ᠰᠣᠨᠢᠷᠬᠠᠭᠰᠠᠨ ᠺᠠᠳ᠋ᠷ ᠠᠵᠢᠯᠲᠠᠳ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠭᠴᠢ ᠪᠣᠯᠤᠭᠰᠠᠨ᠎ᠤ ᠬᠤᠪᠢ᠎ᠳᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠡᠮᠦᠨ᠎ᠡ ᠹᠷᠣᠨᠲ᠎ᠢ ᠢᠮᠠᠭᠲᠠ ᠪᠠᠲᠤ ᠰᠠᠬᠢᠵᠤ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠲᠤ ᠬᠤᠪᠢ ᠨᠡᠮᠡᠷᠢ᠎ᠪᠠᠨ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠴᠢᠷᠮᠠᠢ᠌ᠨ ᠲᠡᠮᠡᠴᠡᠨ᠎ᠡ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠳᠣᠯᠣᠳᠤᠭ᠋ᠠᠷ ᠬᠤᠭᠤᠴᠠᠭ᠋ᠠᠨ᠎ᠤ ᠫᠢᠩᠫᠠᠩ ᠪᠥᠮᠪᠥᠭᠡ ᠵᠢᠨ ᠤᠷᠤᠯᠳᠤᠭ᠋ᠠᠨ᠎ᠳᠤ ᠳᠠᠬᠢᠨᠲᠠ ᠰᠠᠢ᠌ᠨ ᠪᠦᠲᠦᠮᠵᠢ ᠣᠯᠪᠠ
ᠠᠶᠤᠯᠲᠠᠢ ᠬᠠᠶᠠᠭᠳᠠᠮᠠᠯ ᠪᠣᠳᠠᠰ᠎ᠢ ᠨᠢᠭᠡ ᠵᠢᠯ᠎ᠠᠴᠠ ᠬᠡᠲᠦᠷᠡᠲᠡᠯ᠎ᠡ ᠬᠠᠳᠠᠭ᠋ᠠᠯᠠᠬᠤ ᠵᠢ ᠵᠥᠪᠰᠢᠶᠡᠷᠡᠬᠦ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠮᠡᠷᠭᠡᠵᠢᠯ᠎ᠤᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ ᠪᠥᠬᠥ ᠣᠷᠣᠨ᠎ᠤ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠤᠨ ᠵᠠᠳᠠᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠪᠡ
ᠡᠩ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠳᠠᠭ᠋ᠠᠯᠠᠬᠤ ᠪᠠ ᠰᠢᠢ᠍ᠳᠪᠦᠷᠢᠯᠡᠬᠦ ᠵᠢ ᠬᠢᠨᠠᠨ ᠵᠥᠪᠰᠢᠶᠡᠷᠡᠬᠦ
ᠰᠠᠴᠤᠷᠠᠭ ᠢᠳᠡᠪᠬᠢ ᠢᠽᠤᠲ᠋ᠤᠫ ᠰᠢᠯᠵᠢᠭᠦᠯᠦᠨ ᠥᠭᠬᠦ ᠵᠢ ᠬᠢᠨᠠᠨ ᠵᠥᠪᠰᠢᠶᠡᠷᠡᠬᠦ
 
             蒙ICP备05000248号