ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠵᠢᠯ ᠶᠠᠪᠤᠳᠠᠯ ᠭᠦᠢᠴᠡᠳᠬᠡᠬᠦ᠌ ᠵᠦᠭᠯᠡᠭᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠮᠡᠷᠭᠡᠵᠢᠯ᠎ᠤᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ ᠪᠥᠬᠥ ᠣᠷᠣᠨ᠎ᠤ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠤᠨ ᠵᠠᠳᠠᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2024-01-03

      ᠮᠠᠨ᠎ᠤ ᠣᠷᠣᠨ᠎ᠤ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠢ ᠵᠠᠳᠠᠯᠬᠤ ᠴᠢᠳᠠᠪᠤᠷᠢ ᠵᠢ ᠤᠯᠠᠮ ᠴᠢᠨᠠᠭᠰᠢᠳᠠ ᠳᠡᠭᠡᠭᠰᠢᠯᠡᠭᠦᠯᠬᠦ ᠵᠢᠨ ᠲᠥᠯᠥᠭᠡ ᠨᠠᠮ᠎ᠤᠨ ᠪᠠᠢ᠌ᠭᠤᠯᠤᠯᠲᠠ᠎ᠪᠠᠷ ᠲᠤᠬᠠᠢ᠌ᠯᠠᠭᠰᠠᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠠᠬᠢᠭᠤᠯᠵᠤ᠂ ᠡᠯ᠎ᠡ ᠬᠤᠪᠢᠶᠠᠷᠢ ᠥᠷᠲᠡᠭᠡ ᠵᠢᠨ ᠵᠠᠳᠠᠯᠤᠨ ᠰᠢᠨᠵᠢᠯᠡᠬᠦ ᠴᠢᠳᠠᠪᠤᠷᠢ ᠵᠢᠨ ᠣᠳᠣᠬᠢ ᠪᠠᠶ᠋ᠢᠳᠠᠯ᠎ᠲᠠᠢ ᠤᠶᠠᠯᠳᠤᠭᠤᠯᠤᠨ᠂ 2023 ᠣᠨ᠎ᠤ 12 ᠰᠠᠷ᠎ᠠ ᠵᠢᠨ 4᠎ᠤ ᠡᠳᠦᠷ᠎ᠠᠴᠠ 7᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠠᠰᠤᠭ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠲᠠᠰᠤᠭ᠂ ᠲᠤᠷᠰᠢᠯᠲᠠ ᠵᠢᠨ ᠲᠥᠪ ᠬᠠᠮᠲᠤᠷᠠᠭᠰᠠᠨ ᠮᠡᠷᠭᠡᠵᠢᠯ᠎ᠤᠨ ᠬᠠᠪᠰᠤᠷᠤᠨ ᠲᠡᠳᠬᠦᠬᠦ ᠳᠤᠭᠤᠢ᠌ᠯᠠᠩ ᠪᠠᠢ᠌ᠭᠤᠯᠵᠤ᠂ ᠵᠧᠵᠢᠶᠠᠩ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠣᠨᠴᠠᠭ᠋ᠠᠢ᠌ᠯᠠᠨ ᠤᠷᠢᠵᠤ ᠣᠷᠳᠣᠰ᠎ᠤᠨ ᠬᠤᠪᠢᠶᠠᠷᠢ ᠥᠷᠲᠡᠭᠡ᠎ᠳᠤ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ ᠪᠣᠳᠠᠲᠠᠢ ᠠᠷᠭ᠎ᠠ ᠬᠡᠮᠵᠢᠶ᠎ᠡ ᠭᠠᠷᠭ᠋ᠠᠵᠤ᠂ ᠮᠡᠷᠭᠡᠵᠢᠯ ᠵᠶ᠋ᠠᠷ ᠬᠠᠪᠰᠤᠷᠤᠨ ᠲᠡᠳᠬᠦᠵᠦ ᠴᠢᠳᠠᠪᠤᠷᠢ᠎ᠪᠠᠨ ᠳᠡᠬᠡᠭᠰᠢᠡᠯᠬᠦᠯᠬᠦ》 ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ ᠬᠠᠪᠰᠤᠷᠤᠨ ᠲᠡᠳᠬᠦᠬᠦ ᠬᠥᠮᠥᠰ᠎ᠲᠤ ᠪᠥᠬᠥ ᠣᠷᠣᠨ᠎ᠤ 12 ᠬᠤᠪᠢᠶᠠᠷᠢ ᠥᠷᠲᠡᠭᠡ ᠪᠣᠯᠣᠨ ᠣᠷᠳᠣᠰ ᠬᠣᠲᠠ ᠵᠢᠨ ᠦᠦᠰᠢᠨ ᠬᠣᠰᠢᠭᠤ᠂ ᠬᠠᠩᠭᠢᠨ ᠬᠣᠰᠢᠭᠤ᠂ ᠣᠲᠣᠭ᠎ᠤᠨ ᠡᠮᠦᠨᠡᠲᠦ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠦᠨᠳᠦ ᠲᠡᠮᠦᠷᠯᠢᠭ᠎ᠤᠨ ᠵᠠᠳᠠᠯᠤᠯᠲᠠ ᠵᠢᠨ ᠠᠵᠢᠯᠲᠠᠨ ᠪᠤᠢ᠃ ᠭᠣᠣᠯ ᠬᠠᠪᠰᠤᠷᠤᠨ ᠲᠡᠳᠬᠦᠬᠦ ᠠᠭᠤᠯᠭ᠎ᠠ᠎ᠨᠢ ᠠᠲ᠋ᠣᠮ᠎ᠤᠨ ᠰᠢᠩᠭᠡᠭᠡᠯᠲᠡ ᠪᠠ ᠠᠲ᠋ᠣᠮ᠎ᠤᠨ ᠴᠡᠭᠡᠨ ᠭᠡᠷᠡᠯ᠎ᠤᠨ ᠠᠷᠭ᠎ᠠ᠎ᠪᠠᠷ ᠬᠥᠷᠥᠰᠥᠨ᠎ᠳᠠᠬᠢ ᠬᠦᠨᠳᠦ ᠲᠡᠮᠦᠷᠯᠢᠭ᠎ᠤᠨ ᠲᠤᠷᠰᠢᠯᠲᠠ ᠵᠢ ᠵᠠᠳᠠᠯᠤᠨ᠎ᠠ᠃

      ᠲᠣᠰ ᠤᠳᠠᠭ᠎ᠠ ᠵᠢᠨ ᠬᠠᠪᠰᠤᠷᠤᠨ ᠲᠡᠳᠬᠦᠬᠦ ᠬᠠᠮᠢᠶ᠎ᠠ ᠪᠦᠬᠦᠢ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠢ ᠲᠤᠷᠰᠢᠯᠲᠠ ᠵᠢᠨ ᠠᠵᠢᠯᠲᠠᠨ᠎ᠲᠠᠢ ᠰᠢᠭᠤᠳ ᠵᠣᠯᠭ᠋ᠠᠭᠤᠯᠵᠤ᠂ ᠬᠥᠷᠥᠰᠥ ᠰᠢᠷᠣᠢ ᠵᠢᠨ ᠡᠮᠦᠨᠡᠬᠢ ᠰᠢᠢ᠍ᠳᠪᠦᠷᠢᠯᠡᠯᠲᠡ᠂ ᠲᠤᠷᠰᠢᠯᠲᠠ ᠵᠢᠨ ᠬᠡᠮᠵᠢᠭᠦᠷᠯᠢᠭ᠎ᠤᠨ ᠠᠵᠢᠯᠯᠠᠭ᠎ᠠ᠂ ᠲᠣᠭ᠎ᠠ ᠪᠠᠷᠢᠮᠲᠠ ᠵᠢᠨ ᠵᠠᠳᠠᠯᠤᠯᠲᠠ ᠵᠡᠷᠭᠡ᠎ᠳᠤ ᠲᠤᠬᠠᠢ ᠵᠢᠨ ᠲᠠᠯᠠᠪᠤᠷ᠎ᠤᠨ ᠪᠤᠯᠪᠠᠰᠤᠷᠠᠯ ᠬᠢᠵᠦ᠂ ᠲᠤᠬᠠᠢ ᠵᠢᠨ ᠲᠠᠯᠠᠪᠤᠷ᠎ᠤᠨ ᠪᠣᠳᠠᠲᠤ ᠪᠣᠯᠪᠠᠰᠤᠷᠠᠯ᠎ᠤᠨ ᠦᠵᠡᠭᠦᠯᠭᠡ ᠪᠠ ᠲᠤᠬᠠᠢ ᠵᠢᠨ ᠲᠠᠯᠠᠪᠤᠷ᠎ᠤᠨ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠪᠣᠯᠪᠠᠰᠤᠷᠠᠯ᠎ᠤᠨ ᠦᠷ᠎ᠡ ᠪᠦᠲᠦᠮᠵᠢ ᠵᠢ ᠳᠡᠬᠡᠭᠰᠢᠯᠡᠬᠦᠯᠬᠦ ᠪᠣᠯᠣᠨ᠎ᠠ᠃

      ᠬᠠᠪᠰᠤᠷᠤᠨ ᠲᠡᠳᠬᠦᠬᠦ ᠠᠵᠢᠯ ᠳᠠᠭᠤᠰᠤᠭᠰᠠᠨ᠎ᠤ ᠳᠠᠷᠠᠭ᠎ᠠ᠂ ᠬᠠᠮᠢᠶ᠎ᠠ ᠪᠦᠬᠦᠢ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠠᠴᠠ ᠣᠷᠣᠰᠢᠵᠤ ᠪᠠᠢ᠌ᠭ᠎ᠠ ᠠᠰᠠᠭᠤᠳᠠᠯ ᠵᠢᠴᠢ ᠠᠩᠬᠠᠷᠬᠤ ᠵᠦᠢ᠍ᠯ᠎ᠢ ᠬᠠᠷᠢᠭᠤ ᠲᠤᠰᠬᠠᠵᠤ᠂ ᠡᠭᠦᠨ᠎ᠤ ᠬᠠᠮᠲᠤ ᠵᠣᠬᠢᠬᠤ ᠰᠠᠨᠠᠭᠤᠯᠭ᠎ᠠ ᠳᠤᠷᠠᠳᠴᠤ᠂ ᠪᠦᠬᠦ ᠬᠥᠮᠥᠰ ᠬᠠᠮᠲᠤ᠎ᠪᠠᠷ ᠲᠤᠷᠰᠢᠯᠲᠠ ᠵᠢᠨ ᠶᠠᠪᠤᠴᠠ᠎ᠳᠤ ᠲᠣᠬᠢᠶᠠᠯᠳᠤᠭᠰᠠᠨ ᠠᠰᠠᠭᠤᠳᠠᠯ ᠪᠠ ᠰᠢᠢ᠍ᠳᠪᠦᠷᠢᠯᠡᠬᠦ ᠠᠷᠭ᠎ᠠ ᠵᠢ ᠶᠠᠷᠢᠯᠴᠠᠵᠤ᠂ ᠲᠤᠰ ᠤᠳᠠᠭ᠎ᠠ ᠵᠢᠨ ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠎ᠳᠤ ᠬᠢᠨᠠᠨ ᠰᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠠᠷᠳᠠᠴᠠ ᠪᠣᠯᠭ᠋ᠠᠵᠤ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠲᠠᠢ ᠤᠶᠠᠯᠳᠤᠭᠤᠯᠵᠤ᠂ ᠦᠨᠡᠨ ᠬᠦ᠌ ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠵᠦ᠂ ᠲᠤᠷᠰᠢᠯᠲᠠ ᠵᠢᠨ ᠲᠠᠰᠤᠭ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠮᠠᠰᠢ ᠶᠡᠬᠡ ᠬᠠᠪᠰᠤᠷᠤᠯᠭ᠎ᠠ ᠦᠵᠡᠭᠦᠯᠵᠦ᠂ ᠡᠳᠦᠷ ᠲᠤᠲᠤᠮ᠎ᠤᠨ ᠠᠵᠢᠯ᠎ᠤᠨ ᠳᠤᠮᠳᠠᠬᠢ ᠪᠣᠳᠠᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ ᠴᠢᠳᠠᠪᠤᠷᠢ ᠵᠢ ᠳᠡᠭᠡᠭᠰᠢᠯᠡᠭᠦᠯᠵᠡᠢ ᠭᠡᠵᠦ ᠬᠤᠷᠠᠯ᠎ᠳᠤ ᠣᠷᠣᠯᠴᠠᠭᠰᠠᠳ ᠦᠵᠡᠵᠡᠭᠡᠪᠡ᠃ ᠡᠨᠡ᠎ᠨᠢ ᠲᠤᠷᠰᠢᠯᠲᠠ ᠵᠢᠨ ᠲᠠᠰᠤᠭ᠎ᠤᠨ ᠴᠢᠳᠠᠪᠤᠷᠢ ᠵᠢᠨ ᠳᠡᠭᠡᠭᠰᠢᠯᠡᠯᠲᠡ ᠵᠢ ᠠᠬᠢᠭᠤᠯᠬᠤ᠎ᠳᠤ ᠮᠠᠰᠢ ᠶᠡᠬᠡ ᠬᠠᠪᠰᠤᠷᠤᠯᠭ᠎ᠠ ᠪᠣᠯᠵᠤ᠂ ᠡᠳᠦᠷ ᠲᠤᠲᠤᠮ᠎ᠤᠨ ᠠᠵᠢᠯ᠎ᠤᠨ ᠳᠤᠮᠳᠠᠬᠢ ᠪᠣᠳᠠᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ ᠴᠢᠳᠠᠪᠤᠷᠢ ᠵᠢ ᠳᠡᠭᠡᠭᠰᠢᠯᠡᠭᠦᠯᠦᠭᠰᠡᠨ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠡᠩ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠬᠠᠳᠠᠭ᠋ᠠᠯᠠᠬᠤ ᠪᠠ ᠰᠢᠢ᠍ᠳᠪᠦᠷᠢᠯᠡᠬᠦ ᠵᠢ ᠬᠢᠨᠠᠨ ᠵᠥᠪᠰᠢᠶᠡᠷᠡᠬᠦ
ᠰᠠᠴᠤᠷᠠᠭ ᠢᠳᠡᠪᠬᠢ ᠢᠽᠤᠲ᠋ᠤᠫ ᠰᠢᠯᠵᠢᠭᠦᠯᠦᠨ ᠥᠭᠬᠦ ᠵᠢ ᠬᠢᠨᠠᠨ ᠵᠥᠪᠰᠢᠶᠡᠷᠡᠬᠦ
ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠲᠡᠶ
 
             蒙ICP备05000248号