ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠮᠡᠳᠡᠯᠭᠡ ᠵᠢ ᠪᠦᠲᠦᠮᠵᠢᠲᠡᠢ ᠲᠦᠭᠡᠮᠡᠯᠵᠢᠭᠦᠯᠵᠦ᠂ ᠠᠵᠤ ᠠᠬᠤᠢ᠌ᠯᠠᠯ᠎ᠤᠨ ᠤᠬᠠᠮᠰᠠᠷ᠎ᠠᠴᠠ᠎ᠪᠠᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠵᠢ ᠳᠡᠬᠡᠭᠰᠢᠯᠡᠬᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠲᠠᠢ ᠬᠠᠮᠲᠤᠷᠠᠨ᠂ ᠥᠪᠥᠷ ᠮᠣᠩᠭᠣᠯ᠎ᠤᠨ ᠰᠠᠨ ᠠᠢ ᠹᠦ᠋ ᠸᠠᠨ ᠬᠤᠤ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠪᠣᠯᠣᠨ ᠥᠪᠥᠷ ᠮᠣᠩᠭᠣᠯ᠎ᠤᠨ ᠶᠦᠩ ᠾᠧ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠎ᠳᠤ ᠭᠦᠨᠵᠡᠭᠡᠢ᠌ᠷᠡᠵᠦ᠂ 《ᠤᠯᠠᠨ ᠤᠯᠤᠰ᠎ᠤᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠡᠳᠦᠷ — ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ᠂ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠠᠰᠠᠭᠤᠨ ᠯᠠᠪᠯᠠᠬᠤ ᠦᠢ᠍ᠯᠡᠴᠢᠯᠡᠭᠡ ᠥᠷᠨᠢᠭᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》 ᠪᠣᠯᠣᠨ 《ᠳᠤᠮᠳᠠᠳᠤ ᠤᠯᠤᠰ᠎ᠤᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠣᠷᠣᠯᠠᠭᠤᠯᠬᠤ ᠪᠣᠳᠠᠰ᠎ᠢ ᠲᠠᠨᠢᠯᠴᠠᠭᠤᠯᠬᠤ ᠨᠡᠷᠡᠰ᠎ᠤᠨ ᠵᠢᠭᠰᠠᠭ᠋ᠠᠯᠲᠠ》 ᠵᠡᠷᠭᠡ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠪᠣᠯᠣᠨ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ ᠵᠢ ᠲᠦᠭᠡᠮᠡᠯᠵᠢᠭᠦᠯᠵᠦ᠂ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠠᠬᠢ ODS ᠣᠷᠣᠯᠠᠬᠤ ᠪᠣᠳᠠᠰ᠎ᠢ ᠢᠳᠡᠪᠬᠢᠲᠡᠢ᠎ᠪᠠᠷ ᠰᠤᠳᠤᠯᠤᠨ ᠨᠡᠭᠡᠭᠡᠬᠦ ᠪᠤᠶᠤ ᠬᠠᠢ᠌ᠵᠤ᠂ 《ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠸᠢᠢᠸᠨᠠ ᠵᠢᠨ ᠨᠠᠢ᠌ᠳᠠ ᠵᠢᠨ ᠭᠡᠷ᠎ᠡ》 ᠪᠠ 《ᠣᠽᠣᠨ᠎ᠤ ᠳᠠᠪᠬᠤᠷᠭ᠎ᠠ ᠵᠢᠨ ᠪᠣᠳᠠᠰ᠎ᠢ ᠬᠣᠷᠣᠭᠳᠠᠭᠤᠯᠬᠤ ᠲᠤᠬᠠᠢ ᠮᠣᠨᠲᠷᠧᠶᠠᠯ᠎ᠤᠨ ᠵᠥᠪᠯᠡᠯᠴᠡᠭᠡᠷ᠎ᠤᠨ ᠪᠢᠴᠢᠭ》᠎ᠲᠤ ᠲᠣᠭᠲᠠᠭ᠋ᠠᠭᠰᠠᠨ ᠡᠭᠦᠷᠭᠡ ᠵᠢ ᠴᠢᠩᠭ᠎ᠠ ᠭᠦᠢ᠍ᠴᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠠᠵᠢᠯᠯᠠᠭ᠎ᠠ᠎ᠳᠤ ᠥᠷᠭᠡᠨ ᠵᠶ᠋ᠡᠷ ᠣᠷᠣᠯᠴᠠᠵᠤ᠂ ᠠᠭᠤᠷ ᠠᠮᠢᠰᠬᠤᠯ᠎ᠤᠨ ᠠᠵᠢᠯᠯᠠᠭ᠎ᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠤᠨ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠠᠯᠬᠤᠮ ᠠᠯᠬᠤᠮ ᠵᠶ᠋ᠠᠷ ᠰᠢᠭᠰᠢᠳᠡᠬᠦᠯᠬᠦ ᠵᠢ ᠵᠣᠷᠢᠭᠵᠢᠭᠤᠯᠵᠠᠢ᠃
ᠲᠤᠰ ᠤᠳᠠᠭ᠋ᠠᠨ᠎ᠤ ᠠᠵᠢᠯᠯᠠᠭ᠎ᠠ ᠵᠢ ᠥᠷᠨᠢᠭᠦᠯᠦᠭᠰᠡᠨ᠎ᠨᠢ᠂ ᠠᠵᠤ ᠠᠬᠤᠢ᠌ᠯᠠᠯ᠎ᠤᠨ ᠣᠽᠣᠨ᠎ᠤ ᠳᠠᠪᠬᠤᠷᠭ᠎ᠠ ᠵᠢᠨ ᠬᠠᠮᠠᠭ᠋ᠠᠯᠠᠯᠲᠠ ᠵᠢ ᠪᠦᠲᠦᠮᠵᠢᠲᠡᠢ ᠳᠡᠭᠡᠭᠰᠢᠯᠡᠭᠦᠯᠵᠦ᠂ ᠣᠽᠣᠨ᠎ᠤ ᠳᠠᠪᠬᠤᠷᠭ᠎ᠠ ᠵᠢᠨ ᠪᠣᠳᠠᠰ᠎ᠢ ᠬᠣᠷᠣᠭᠳᠠᠭᠤᠯᠬᠤ ᠤᠬᠠᠮᠰᠠᠷ᠎ᠢ ᠪᠠᠭ᠋ᠠᠰᠬᠠᠬᠤ᠎ᠪᠠᠷ ᠪᠠᠷᠠᠬᠤ ᠦᠭᠡᠢ᠂ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠣᠷᠣᠯᠴᠠᠬᠤ ᠬᠡᠮᠵᠢᠶ᠎ᠡ ᠵᠢ ᠤᠯᠠᠮ ᠨᠢᠭᠡ ᠠᠯᠬᠤᠮ ᠴᠢᠩᠭ᠋ᠠᠷᠠᠭᠤᠯᠬᠤ ᠵᠢᠨ ᠬᠠᠮᠲᠤ ᠨᠠᠩ ᠤᠯᠠᠨ ᠬᠥᠮᠥᠨ᠎ᠢ ᠤᠬᠠᠮᠰᠠᠷ᠎ᠠᠴᠠ᠎ᠪᠠᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠠᠵᠢᠯᠯᠠᠭ᠎ᠠ᠎ᠳᠤ ᠣᠷᠣᠯᠴᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠳᠡᠯᠡᠬᠡᠢ ᠵᠢᠨ ᠪᠥᠮᠪᠥᠷᠴᠡᠭ᠎ᠤᠨ ᠪᠠᠶ᠋ᠢᠭ᠋ᠠᠯᠢ ᠵᠢᠨ ᠬᠠᠯᠬᠠᠪᠴᠢ ᠵᠢ ᠬᠠᠮᠲᠤ᠎ᠪᠠᠷ ᠬᠠᠮᠠᠭ᠋ᠠᠯᠠᠬᠤ᠎ᠳᠤ ᠰᠠᠶ᠋ᠢᠨ ᠰᠠᠢ᠌ᠬᠠᠨ ᠤᠯᠠᠨ ᠲᠦᠮᠡᠨ᠎ᠤ ᠰᠠᠭᠤᠷᠢ ᠵᠢ ᠲᠠᠯᠪᠢᠵᠤ ᠥᠭᠬᠦ ᠪᠣᠯᠣᠨ᠎ᠠ᠃