ᠯᠧᠢ ᠹᠧᠩ᠎ᠤᠨ ᠵᠣᠷᠢᠭ ᠰᠠᠨᠠᠭ᠎ᠠ ᠪᠠ 《ᠬᠤᠪᠢ ᠨᠡᠮᠡᠷᠢ ᠦᠵᠡᠭᠦᠯᠬᠦ᠂ ᠨᠥᠬᠥᠷᠰᠡᠭ ᠪᠠᠶ᠋ᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ》 ᠰᠠᠶ᠋ᠢᠨ ᠳᠤᠷ᠎ᠠ ᠵᠢᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠬᠤ ᠵᠢᠨ ᠲᠥᠯᠥᠭᠡ᠂ 3 ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠢᠩᠬᠢᠮ᠎ᠤᠨ ᠰᠢᠰᠲ᠋ᠧᠮ᠎ᠤᠨ 41 ᠰᠠᠶ᠋ᠢᠨ ᠳᠤᠷ᠎ᠠ ᠵᠢᠨ ᠠᠵᠢᠯᠯᠠᠭᠴᠢ ᠵᠢ ᠵᠣᠬᠢᠶᠠᠨ ᠪᠠᠢ᠌ᠭᠤᠯᠵᠤ ᠳᠠᠭ᠋ᠠᠭ᠋ᠠᠴᠢᠯᠠᠨ ᠬᠠᠷᠢᠯᠴᠠᠬᠤ ᠨᠡᠭᠦᠷᠡᠰᠦᠨ ᠠᠭᠤᠷᠬᠠᠢ ᠵᠢᠨ ᠭᠠᠵᠠᠷ ᠰᠢᠨᠵᠢᠯᠡᠭᠡᠨ᠎ᠤ ᠰᠠᠭᠤᠭ᠋ᠠᠯᠢ ᠠᠷᠠᠳ᠎ᠤᠨ ᠲᠣᠭᠣᠷᠢᠭ᠎ᠲᠤ ᠭᠦᠨᠵᠡᠭᠡᠢ᠌ᠷᠡᠨ᠂ 《ᠯᠧᠢ ᠹᠧᠩ᠎ᠠᠴᠠ ᠰᠤᠷᠤᠯᠴᠠᠵᠤ ᠰᠠᠶ᠋ᠢᠨ ᠳᠤᠷ᠎ᠠ᠎ᠠᠴᠠ᠎ᠪᠠᠨ ᠦᠢ᠍ᠯᠡᠴᠢᠯᠡᠵᠦ ᠥᠭᠡᠷᠡᠴᠢᠯᠡᠯᠲᠡ ᠬᠢᠬᠦ᠎ᠳᠤ ᠦᠢ᠍ᠯᠡᠴᠢᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠶ᠂ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》 ᠵᠡᠷᠭᠡ ᠤᠬᠠᠭᠤᠯᠭ᠎ᠠ ᠵᠢᠨ ᠮᠠᠲ᠋ᠧᠷᠢᠶᠠᠯ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠤᠷᠠᠰᠬᠠᠯ᠎ᠤᠨ ᠡᠳ᠋ ᠲᠠᠷᠬᠠᠭ᠋ᠠᠵᠤ᠂ ᠰᠠᠭᠤᠭ᠋ᠠᠯᠢ ᠠᠷᠠᠳ᠎ᠲᠤ ᠬᠣᠭ ᠨᠣᠪᠰᠢ ᠵᠢ ᠳᠦᠷᠦᠯ ᠬᠤᠪᠢᠶᠠᠬᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠵᠡᠷᠭᠡ ᠲᠠᠯ᠎ᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠰᠠᠭᠤᠭ᠋ᠠᠯᠢ ᠠᠷᠠᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠠᠮᠢ ᠠᠬᠤᠢ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠢ ᠪᠤᠢ ᠪᠣᠯᠭ᠋ᠠᠵᠤ᠂ ᠨᠡᠩ ᠤᠯᠠᠨ ᠬᠥᠮᠥᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠯᠠᠭ᠎ᠠ᠎ᠳᠤ ᠣᠷᠣᠯᠴᠠᠬᠤ ᠵᠢ ᠵᠣᠷᠢᠭᠵᠢᠭᠤᠯᠪᠠ᠃
ᠰᠠᠭᠤᠭ᠋ᠠᠯᠢ ᠠᠷᠠᠳ᠎ᠲᠤ ᠴᠡᠪᠡᠷ ᠴᠡᠮᠴᠡᠭᠡᠷ ᠠᠮᠢᠳᠤᠷᠠᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠵᠢᠨ ᠲᠥᠯᠥᠭᠡ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠴᠢᠳ ᠳᠤᠭᠤᠢ᠌ᠯᠠᠩ ᠬᠤᠪᠢᠶᠠᠨ ᠠᠷᠢᠭᠤᠨ ᠴᠡᠪᠡᠷ᠎ᠢ ᠴᠡᠪᠡᠷᠯᠡᠬᠦ ᠠᠵᠢᠯ᠎ᠢ ᠥᠷᠨᠢᠭᠦᠯᠵᠦ᠂ ᠵᠢᠵᠢᠭ ᠵᠠᠷ ᠮᠡᠳᠡᠭᠡ ᠵᠢ ᠴᠡᠪᠡᠷᠯᠡᠵᠦ᠂ ᠣᠪᠣᠭ᠋ᠠᠯᠠᠭᠰᠠᠨ ᠶᠠᠭᠤᠮ᠎ᠠ ᠬᠡᠦᠮ᠎ᠡ ᠵᠢ ᠠᠷᠢᠯᠭ᠋ᠠᠨ ᠴᠡᠪᠡᠷᠯᠡᠵᠦ᠂ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠰᠠᠢ᠌ᠵᠢᠷᠠᠭᠤᠯᠬᠤ᠎ᠳᠤ ᠬᠠᠪᠰᠤᠷᠪᠠ᠃
《ᠯᠧᠢ ᠹᠧᠩ᠎ᠤᠨ ᠵᠣᠷᠢᠭ ᠰᠠᠨᠠᠭ᠎ᠠ ᠵᠢ ᠬᠥᠮᠥᠨ ᠪᠦᠬᠦᠨ ᠰᠤᠷᠴᠤ ᠪᠣᠯᠣᠨ᠎ᠠ; ᠬᠠᠶ᠋ᠢᠷ᠎ᠠ ᠰᠡᠳᠬᠢᠯᠭᠡ᠎ᠪᠠᠨ ᠡᠷᠭᠦᠪᠡᠯ ᠶᠠᠭᠤᠮ᠎ᠠ ᠪᠦᠬᠦᠨ᠎ᠢ ᠪᠦᠲᠦᠭᠡᠵᠦ ᠪᠣᠯᠣᠨ᠎ᠠ》᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 《ᠯᠧᠢ ᠹᠧᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ᠎ᠳᠡᠭᠡᠨ ᠤᠯᠠᠮᠵᠢᠯᠠᠨ ᠵᠠᠯᠭ᠋ᠠᠮᠵᠢᠯᠠᠬᠤ》 ᠴᠢᠬᠤᠯᠠ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠯᠧᠢ ᠹᠧᠩ᠎ᠤᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠦᠨ ᠪᠠᠳᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠢ᠍ᠢ᠍ᠨ ᠳᠤᠷ᠎ᠠ ᠵᠢᠨ ᠠᠵᠢᠯᠯᠠᠭᠴᠢ ᠵᠢᠨ ᠬᠠᠷᠢᠭᠤᠴᠠᠯᠭ᠎ᠠ ᠪᠣᠯᠣᠨ ᠡᠭᠦᠷᠭᠡᠯᠡᠯ᠎ᠢ ᠢᠯᠡᠷᠡᠭᠦᠯᠵᠡᠢ᠃