ᠡᠨᠡ ᠵᠢᠯ᠎ᠤᠨ 9 ᠰᠠᠷ᠎ᠠ ᠪᠣᠯ ᠳᠥᠴᠢᠨ ᠨᠢᠭᠡᠳᠡᠬᠢ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠪᠣᠯᠣᠨ᠎ᠠ᠂ ᠶᠡᠷᠦᠩᠬᠡᠢ ᠱᠦᠵᠢ ᠰᠢ ᠵᠢᠨ ᠫᠢᠩ ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠥᠬᠥ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ 《ᠵᠢᠷᠭᠤᠭ᠋ᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠪᠠᠲᠤ ᠴᠡᠭᠡᠵᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠭᠦᠨᠵᠡᠭᠡᠢ ᠣᠢ᠌ᠯᠠᠭ᠋ᠠᠭᠤᠯᠬᠤ ᠵᠢᠨ ᠲᠥᠯᠥᠭᠡ᠂ 9 ᠰᠠᠷ᠎ᠠ ᠵᠢᠨ 20᠎ᠤ ᠦᠳᠡ ᠵᠢᠨ ᠡᠮᠦᠨ᠎ᠡ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠤᠯᠠᠨ ᠵᠶ᠋ᠠᠷ ᠵᠶ᠋ᠠᠨ ᠶᠠᠭᠤᠨ᠎ᠤ ᠡᠮᠦᠨ᠎ᠡ 《ᠰᠡᠳᠬᠢᠯ ᠵᠶ᠋ᠡᠨ ᠨᠢᠭᠡᠳᠬᠡᠵᠦ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠦᠶ᠎ᠡ》 ᠭᠡᠬᠦ ᠲᠤᠰᠬᠠᠢ ᠰᠡᠳᠦᠪᠲᠦ ᠲᠧᠯᠸᠢᠰ ᠹᠢᠯᠢᠮ᠎ᠢ ᠬᠠᠮᠲᠤ᠎ᠪᠠᠷ ᠰᠣᠨᠢᠷᠬᠠᠪᠠ᠃ ᠲᠤᠰ ᠹᠢᠯᠢᠮ᠎ᠨᠢ ᠨᠠᠷᠢᠨ ᠪᠣᠳᠠᠲᠠᠢ ᠲᠠᠢ᠌ᠯᠪᠤᠷᠢᠯᠠᠯᠲᠠ ᠵᠢᠨ ᠮᠠᠲ᠋ᠧᠷᠢᠶᠠᠯ᠂ ᠬᠣᠪᠣᠷ ᠨᠠᠨᠳᠢᠨ ᠲᠡᠦᠬᠡ ᠵᠢᠨ ᠵᠢᠷᠤᠭ ᠳᠦᠷᠰᠦ ᠪᠣᠯᠣᠨ ᠡᠬᠡᠯ ᠠᠷᠠᠳ᠎ᠤᠨ ᠠᠮᠢᠳᠤᠯᠢᠭ ᠥᠯᠢᠭᠡᠷ ᠵᠶ᠋ᠡᠷ ᠳᠡᠮᠵᠢᠨ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠪᠠᠢ᠌ᠭ᠎ᠠ ᠠᠮᠢᠳᠤᠯᠢᠭ ᠪᠠᠶ᠋ᠢᠳᠠᠯ ᠪᠣᠯᠣᠨ ᠳᠤᠮᠳᠠᠳᠤ ᠵᠢᠨ ᠦᠨᠳᠦᠰᠦᠲᠡᠨ᠎ᠤ ᠨᠢᠭᠡ ᠭᠡᠷ᠎ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠵᠦ ᠪᠠᠢ᠌ᠭ᠎ᠠ ᠴᠠᠭ ᠦᠶ᠎ᠡ ᠵᠢᠨ ᠳᠦᠷᠰᠦ ᠪᠠᠶ᠋ᠢᠳᠠᠯ᠎ᠢ ᠤᠯᠠᠨ᠎ᠳᠤ ᠭᠦᠨᠵᠡᠭᠡᠢ ᠮᠡᠳᠡᠷᠡᠭᠦᠯᠵᠦ᠂ ᠵᠠᠭᠤᠨ ᠵᠢᠯ᠎ᠤᠨ ᠲᠤᠷᠰᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠭᠰᠡᠨ ᠲᠡᠦᠬᠡᠨ ᠠᠬᠢᠴᠠ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠠᠮᠢᠳᠤᠯᠢᠭ ᠵᠶ᠋ᠠᠷ ᠬᠠᠷᠠᠭᠤᠯᠵᠠᠢ᠃ ᠳᠠᠷᠠᠭ᠎ᠠ᠎ᠨᠢ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠨᠢᠭᠡ ᠤᠳᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠨᠤᠯ᠎ᠤᠨ ᠮᠡᠳᠡᠯᠭᠡ ᠵᠢᠨ ᠰᠢᠯᠭ᠋ᠠᠯᠲᠠ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠬᠤ ᠳᠦᠷᠢᠮ》 ᠵᠡᠷᠭᠡ ᠳᠦᠷᠢᠮ᠎ᠤᠨ ᠠᠭᠤᠯᠭ᠎ᠠ ᠵᠢ ᠤᠯᠠᠮ ᠨᠢᠭᠡ ᠠᠯᠬᠤᠮ ᠪᠠᠲᠤᠳᠬᠠᠪᠠ᠃
ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠦᠯᠦ ᠬᠥᠰᠡᠷᠳᠡᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃