ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠨ ᠬᠠᠮᠢᠶᠠᠷᠤᠯᠲᠠ ᠵᠢᠨ ᠪᠤᠯᠪᠠᠰᠤᠷᠠᠯ᠎ᠤᠨ ᠬᠤᠷᠠᠯ ᠬᠢᠪᠡ
ᠨᠡᠶ᠋ᠢᠲᠡᠯᠡᠭᠰᠡᠨ ᠴᠠᠭ᠄ 2024-11-13

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠠ 2024 ᠣᠨ᠎ᠤ ᠪᠥᠬᠥ ᠤᠯᠤᠰ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ 2024 ᠣᠨ᠎ᠤ 10 ᠰᠠᠷ᠎ᠠ ᠵᠢᠨ 23᠎ᠤ ᠡᠳᠦᠷ᠎ᠠᠴᠠ 25᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠨ ᠬᠠᠮᠢᠶᠷᠤᠯᠳᠠ ᠵᠢᠨ ᠪᠤᠯᠪᠠᠰᠤᠷᠠᠯ᠎ᠤᠨ ᠬᠤᠷᠠᠯ ᠬᠥᠬᠡᠬᠣᠲᠠ᠎ᠳᠤ ᠠᠮᠵᠢᠯᠲᠠ᠎ᠲᠠᠢ ᠬᠤᠷᠠᠯᠳᠤᠪᠠ᠃
      ᠬᠤᠷᠠᠯ᠎ᠠᠴᠠ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠣᠭᠣᠷᠢᠨ᠎ᠳᠤ ᠥᠪᠥᠷ ᠮᠣᠩᠭᠣᠯ᠎ᠤᠨ ᠤᠮᠠᠷᠠᠲᠤ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ᠂ ᠰᠢᠨ᠎ᠡ ᠴᠠᠭ ᠦᠶ᠎ᠡ ᠵᠢᠨ ᠴᠦᠯᠯᠡᠷᠭᠡᠭᠵᠢᠭᠰᠡᠨ ᠠᠮᠢ ᠠᠬᠤᠢ᠎ᠳᠤ ᠬᠢᠨᠠᠯᠲᠠ ᠲᠠᠯᠪᠢᠬᠤ ᠠᠵᠢᠯ᠎ᠤᠨ ᠰᠡᠳᠬᠢᠴᠡ ᠪᠠ ᠱᠠᠭ᠋ᠠᠷᠳᠠᠯᠭ᠎ᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠦᠷᠭᠦᠯᠵᠢᠯᠡᠨ ᠠᠰᠢᠭᠯᠠᠬᠤ ᠵᠢ ᠬᠠᠢ᠌ᠨ ᠰᠦᠪᠡᠭᠴᠢᠯᠡᠬᠦ ᠪᠠ ᠦᠢ᠍ᠯᠡᠳᠦᠯᠭᠡᠵᠢᠭᠦᠯᠬᠦ ᠵᠡᠷᠭᠡ ᠠᠭᠤᠯᠭ᠎ᠠ᠎ᠪᠠᠷ ᠬᠢᠴᠢᠶᠡᠯ ᠣᠷᠣᠪᠠ᠃ ᠬᠤᠷᠠᠯ᠎ᠠᠴᠠ ᠪᠠᠰᠠ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠬᠤ ᠭᠣᠭᠴᠣᠭ᠎ᠠ ᠵᠢ ᠲᠣᠬᠢᠷᠠᠭᠤᠯᠵᠤ᠂ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠎ᠬᠢ ᠬᠢᠯᠠᠰ ᠴᠡᠭ᠎ᠤᠨ ᠠᠵᠢᠯ᠂ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠰᠠᠨᠠᠯ ᠰᠠᠨᠠᠭᠤᠯᠭ᠎ᠠ ᠵᠢᠨ ᠲᠤᠬᠠᠢ ᠭᠦᠢ᠍ᠴᠡᠳ ᠰᠤᠳᠤᠯᠤᠨ ᠶᠠᠷᠢᠯᠴᠠᠵᠤ ᠰᠣᠯᠢᠯᠴᠠᠪᠠ᠃
      ᠪᠣᠯᠪᠠᠰᠤᠷᠠᠯ ᠲᠡᠭᠦᠰᠦᠭᠰᠡᠨ᠎ᠤ ᠳᠠᠷᠠᠭ᠎ᠠ᠂ ᠰᠤᠷᠤᠭᠴᠢᠳ ᠲᠤᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ ᠡᠯᠪᠡᠭ ᠪᠠᠶᠠᠯᠢᠭ᠂ ᠲᠥᠷᠥ ᠵᠢᠨ ᠪᠣᠳᠣᠯᠭ᠎ᠠ ᠵᠢᠨ ᠤᠨᠤᠯ᠎ᠤᠨ ᠲᠠᠢ᠌ᠯᠤᠮᠵᠢ ᠪᠠᠶ᠋ᠢᠬᠤ ᠮᠥᠷᠲᠡᠭᠡᠨ ᠪᠠᠰᠠ ᠪᠣᠳᠠᠲᠠᠢ ᠠᠵᠢᠯ᠎ᠤᠨ ᠵᠢᠯᠣᠭᠣᠳᠤᠯᠭ᠎ᠠ ᠪᠠᠢ᠌ᠵᠤ᠂ ᠬᠣᠶ᠋ᠢᠰᠢᠳᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠭᠦᠨᠵᠡᠭᠡᠢ ᠥᠷᠨᠢᠭᠦᠯᠬᠦ᠎ᠳᠤ ᠴᠢᠭᠯᠡᠯ᠎ᠢ ᠵᠢᠭ᠋ᠠᠨ ᠥᠭᠴᠦ᠂ ᠲᠠᠷᠠᠭ᠋ᠠᠴᠢ ᠵᠢᠨ ᠠᠯᠬᠤᠮ᠎ᠳᠤ ᠪᠣᠯᠪᠠᠰᠤᠷᠠᠯ᠎ᠤᠨ ᠠᠭᠤᠯᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠡᠯ᠎ᠡ ᠠᠶ᠋ᠢᠮᠠᠭ ᠬᠣᠲᠠ ᠵᠢᠨ ᠲᠤᠷᠰᠢᠯᠭ᠎ᠠ ᠠᠷᠭ᠎ᠠ ᠬᠢᠳᠡᠯ᠎ᠢ ᠰᠤᠷᠤᠯᠴᠠᠨ ᠲᠣᠯᠢᠯᠠᠵᠤ᠂ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠢ ᠨᠠᠩ ᠯᠠᠪᠳᠠᠭᠤᠨ ᠪᠠᠲᠤᠲᠠᠢ ᠬᠢᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ  ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
ᠪᠦᠬᠦ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠪᠠᠶ᠋ᠢᠭ᠋ᠠᠯᠢ ᠵᠢᠨ ᠠᠮᠢ ᠠᠬᠤᠢ ᠵᠢᠨ ᠵᠤᠷᠭ᠋ᠠᠨ ᠮᠠᠨ᠎ᠤ ᠣᠷᠣᠨ᠎ᠳᠤ ᠬᠡᠰᠡᠭ ᠮᠤᠵᠢ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠬᠤ ᠵᠢ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠪᠠ
ᠳᠤᠮᠳᠠᠳᠤ ᠮᠣᠩᠭᠣᠯ ᠤᠷᠤᠰ᠎ᠤᠨ ᠲᠠᠭᠤᠷ ᠣᠯᠠᠨ ᠤᠯᠤᠰ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠲᠤᠷᠠᠭᠰᠠᠨ ᠵᠥᠪᠯᠡᠯ᠎ᠤᠨ ᠳᠣᠯᠣᠳᠤᠭ᠋ᠠᠷ ᠤᠳᠠᠭ᠋ᠠᠨ᠎ᠤ ᠬᠤᠷᠠᠯ ᠣᠷᠣᠰ᠎ᠲᠤ ᠬᠤᠷᠠᠯᠳᠤᠪᠠ
 
             蒙ICP备05000248号