ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠮᠠᠨ᠎ᠤ ᠤᠯᠤᠰ᠎ᠤᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠴᠢᠬᠤᠯᠠ ᠠᠬᠢᠴᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2024-06-07

      ᠶᠡᠷᠦᠩᠬᠡᠢ ᠱᠦᠵᠢ ᠰᠢ ᠵᠢᠨ ᠫᠢᠩ ᠤᠯᠠᠨ ᠴᠢᠬᠤᠯᠠ ᠲᠠᠯᠠᠪᠤᠷ᠎ᠲᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠬᠠᠢ ᠰᠢᠷᠢᠰ ᠴᠢᠬᠤᠯᠠ ᠪᠠᠢ᠌ᠷᠢᠯᠠᠭᠤᠯᠤᠯᠲᠠ ᠬᠢᠵᠡᠢ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠥᠷᠨᠢᠭᠦᠯᠬᠦ ᠬᠡᠷᠡᠭᠲᠡᠶ ᠭᠡᠵᠦ ᠲᠣᠳᠣᠷᠬᠠᠢ ᠱᠠᠭ᠋ᠠᠷᠳᠠᠵᠠᠢ᠃ ᠡᠨᠡ ᠵᠢᠯ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠤᠯᠤᠰ ᠲᠥᠷᠥ ᠵᠢᠨ ᠵᠥᠪᠯᠡᠯᠭᠡᠨ᠎ᠤ ᠬᠠᠮᠲᠤᠷᠠᠭᠰᠠᠨ ᠳᠤᠭᠤᠢ᠌ᠯᠠᠩ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠲᠤᠰᠬᠠᠢ᠌ᠯᠠᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠬᠠᠢ ᠴᠢᠬᠤᠯᠠ ᠵᠢᠭ᠋ᠠᠪᠤᠷᠢ ᠥᠭᠴᠦ᠂ ᠵᠠᠰᠠᠬᠤ ᠤᠬᠠᠮᠰᠠᠷ᠎ᠲᠠᠢ ᠪᠠᠶ᠋ᠢᠬᠤ ᠬᠡᠷᠡᠭᠲᠡᠶ ᠭᠡᠵᠦ ᠴᠢᠬᠤᠯᠠᠴᠢᠯᠠᠭᠰᠠᠨ᠎ᠠᠴᠠ ᠪᠢᠳᠡ ᠡᠨᠡ ᠲᠠᠯ᠎ᠠ᠎ᠪᠠᠷ ᠬᠣᠴᠣᠷᠬᠤ ᠦᠭᠡᠢ ᠪᠠᠶ᠋ᠢᠬᠤ ᠬᠡᠷᠡᠭᠲᠡᠶ ᠭᠡᠵᠡᠢ᠃
      2022 ᠣᠨ᠎ᠤ 5 ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯᠯᠠᠭ᠎ᠠ ᠵᠢᠨ ᠲᠥᠰᠥᠯ》 (《ᠠᠵᠢᠯᠯᠠᠭ᠎ᠠ ᠵᠢᠨ ᠲᠥᠰᠥᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠤ᠂ 《ᠰᠢᠭᠰᠢᠬᠦ᠂ ᠦᠨᠡᠯᠡᠬᠦ᠂ ᠬᠢᠵᠠᠭ᠋ᠠᠷᠯᠠᠬᠤ》 ᠪᠠ 《ᠴᠠᠭ᠋ᠠᠵᠠᠯᠠᠬᠤ᠂ ᠪᠠᠭ᠋ᠠᠰᠬᠠᠬᠤ᠂ ᠵᠠᠰᠠᠬᠤ》 ᠶᠡᠷᠦᠩᠬᠡᠢ ᠠᠵᠢᠯ᠎ᠤᠨ ᠰᠡᠳᠬᠢᠴᠡ ᠵᠢ ᠲᠣᠳᠣᠷᠬᠠᠢ᠌ᠯᠠᠪᠠ᠃ ᠣᠷᠴᠢᠨ ᠲᠣᠭᠣᠷᠢᠨ ᠬᠢᠭᠡᠳ ᠡᠷᠡᠭᠦᠯ ᠮᠠᠨᠳᠤ ᠵᠢᠨ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠬᠦ᠎ᠪᠠᠷ ᠭᠣᠣᠯ ᠪᠣᠯᠭ᠋ᠠᠵᠤ᠂ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠣᠷᠴᠢᠨ ᠲᠣᠭᠣᠷᠢᠨ᠎ᠤ ᠲᠦᠭᠰᠢᠭᠦᠷᠢ ᠵᠢᠨ ᠬᠠᠮᠢᠶᠠᠷᠤᠯᠲᠠ ᠵᠢᠨ ᠤᠢ᠌ᠯᠠᠭ᠋ᠠᠭᠳᠠᠭᠤᠨ᠎ᠢ ᠵᠢᠷᠤᠮᠯᠠᠨ᠂ ᠳᠦᠷᠢᠮ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠢᠰᠲ᠋ᠧᠮᠵᠢ ᠵᠢ ᠪᠦᠷᠢᠨᠰᠢᠭᠦᠯᠪᠡ᠃ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠰᠢᠭᠰᠢᠨ ᠪᠠᠢ᠌ᠴᠠᠭ᠋ᠠᠬᠤ ᠪᠠ ᠦᠨᠡᠯᠡᠨ ᠵᠢᠱ᠌ᠢᠬᠦ᠎ᠪᠠᠷ ᠳᠠᠮᠵᠢᠭᠤᠯᠤᠨ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠢ ᠨᠠᠷᠢᠯᠢᠭ ᠣᠨᠣᠴᠠᠲᠠᠢ᠎ᠪᠠᠷ ᠰᠢᠭᠰᠢᠨ ᠦᠨᠡᠯᠡᠵᠦ᠂ ᠪᠦᠬᠦ ᠶᠠᠪᠤᠴᠠ ᠵᠢᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠵᠢᠨ ᠬᠠᠮᠲᠤ ᠬᠠᠤᠯᠢ ᠶᠣᠰᠣᠭ᠋ᠠᠷ ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠠᠭ᠋ᠠᠰᠬᠠᠪᠠ᠃
      《ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠎ᠲᠠᠢ ᠬᠠᠮᠲᠤᠷᠠᠨ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠨᠠᠢ᠍ᠮᠠᠨ ᠲᠥᠷᠥᠯ᠎ᠤᠨ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠢ ᠪᠥᠬᠥ ᠲᠠᠯ᠎ᠠ᠎ᠪᠠᠷ ᠰᠢᠭᠰᠢᠭᠳᠡᠭᠦᠯᠵᠦ᠂ ᠵᠠᠰᠠᠬᠤ ᠠᠵᠢᠯ ᠴᠢᠬᠤᠯᠠ ᠠᠬᠢᠯᠲᠠ᠎ᠲᠠᠢ ᠪᠣᠯᠪᠠ᠃
      ᠨᠢᠭᠡ᠎ᠳᠤ ᠠᠵᠢᠯ᠎ᠢ ᠠᠬᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠶ᠋ᠠᠷ ᠲᠦᠷᠦᠭᠦᠯᠡᠭᠦᠯᠦᠭᠰᠡᠨ᠂ 15 ᠰᠠᠯᠠᠭ᠎ᠠ ᠮᠥᠴᠢᠷ ᠵᠶ᠋ᠡᠷ ᠪᠦᠷᠢᠯᠳᠦᠭᠰᠡᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠶᠠᠮᠤᠨ᠎ᠤ ᠬᠣᠭᠤᠷᠤᠨᠳᠤᠬᠢ ᠵᠣᠬᠢᠴᠠᠭᠤᠯᠬᠤ ᠳᠤᠭᠤᠢ᠌ᠯᠠᠩ (ᠵᠣᠬᠢᠴᠠᠭᠤᠯᠬᠤ ᠳᠤᠭᠤᠢ᠌ᠯᠠᠩ ᠭᠡᠵᠦ ᠲᠣᠪᠴᠢᠯᠠᠨ᠎ᠠ)᠎ᠢ ᠪᠠᠢ᠌ᠭᠤᠯᠵᠤ᠂ ᠰᠠᠯᠠᠭ᠎ᠠ ᠮᠥᠴᠢᠷ᠎ᠤᠨ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠥᠯ ᠪᠠ ᠣᠨ᠎ᠤ ᠠᠵᠢᠯ᠎ᠤᠨ ᠲᠥᠯᠥᠪᠯᠡᠭᠡ ᠵᠢ ᠬᠠᠮᠲᠤ᠎ᠪᠠᠷ ᠲᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠬᠠᠮᠲᠤᠷᠠᠨ ᠨᠡᠢ᠌ᠲᠡᠯᠡᠵᠦ᠂ ᠬᠠᠮᠲᠤᠷᠠᠨ ᠪᠠᠢ᠌ᠴᠠᠭ᠋ᠠᠨ ᠰᠤᠳᠤᠯᠤᠯᠲᠠ ᠬᠢᠬᠦ ᠵᠢ ᠬᠠᠮᠵᠢᠯᠴᠠᠨ ᠥᠷᠨᠢᠭᠦᠯᠦᠨ᠎ᠡ᠃ ᠵᠣᠬᠢᠴᠠᠭᠤᠯᠬᠤ ᠳᠤᠭᠤᠢ᠌ᠯᠠᠩ᠎ᠤᠨ ᠳᠠᠷᠤᠭ᠎ᠠ ᠪᠣᠯᠤᠭᠰᠠᠨ᠎ᠤ ᠬᠤᠪᠢ᠎ᠳᠤ᠂ ᠰᠠᠢ᠌ᠳ ᠬᠤᠸᠠᠩ ᠷᠦᠨ ᠴᠢᠦ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠴᠠᠭᠤᠯᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠤᠯᠠᠨ ᠠᠺᠠᠳᠧᠮᠢᠴᠢ ᠪᠠ ᠨᠡᠷᠡᠲᠦ ᠲᠤᠰᠬᠠᠢ ᠮᠡᠷᠭᠡᠵᠢᠯᠲᠡᠨ ᠵᠶ᠋ᠡᠷ ᠪᠦᠷᠢᠯᠳᠦᠭᠰᠡᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠰᠬᠠᠢ ᠮᠡᠷᠭᠡᠵᠢᠯᠲᠡᠨ᠎ᠤ ᠺᠣᠮᠢᠰ᠎ᠢ ᠪᠠᠢ᠌ᠭᠤᠯᠪᠠ᠃ ᠪᠦᠬᠦ ᠤᠯᠤᠰ᠎ᠤᠨ 31 ᠮᠤᠵᠢ ᠣᠷᠣᠨ ᠪᠠ ᠰᠢᠨᠵᠢᠶᠠᠩ᠎ᠤᠨ ᠦᠢ᠍ᠯᠡᠳᠪᠦᠷᠢᠯᠡᠯ᠎ᠤᠨ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠢ ᠵᠢᠯᠣᠭᠣᠳᠤᠨ ᠮᠤᠵᠢ ᠵᠢᠨ ᠱᠠᠲᠤᠨ᠎ᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠤᠨ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠤᠯᠤᠰ᠎ᠠᠴᠠ ᠨᠢᠭᠡᠳᠦᠯᠲᠡᠢ ᠲᠥᠯᠥᠪᠯᠡᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠵᠢ ᠬᠠᠷᠢᠭᠤᠴᠠᠬᠤ᠂ ᠬᠣᠲᠠ ᠰᠢᠶᠠᠨ᠎ᠠᠴᠠ ᠨᠠᠢ᠌ᠳᠠᠪᠤᠷᠢᠵᠢᠭᠤᠯᠬᠤ ᠠᠵᠢᠯ᠎ᠤᠨ ᠲᠣᠭᠲᠠᠴᠠ ᠵᠢ ᠠᠩᠬ᠎ᠠ ᠠᠯᠬᠤᠮ ᠪᠦᠷᠢᠯᠳᠦᠭᠦᠯᠪᠡ᠃ ᠮᠥᠷᠳᠡᠨ ᠦᠨᠡᠯᠡᠨ ᠵᠢᠱ᠌ᠢᠬᠦ ᠠᠵᠢᠯ᠎ᠢ ᠬᠡᠷᠡᠭᠵᠢᠭᠦᠯᠬᠦ ᠮᠡᠳᠡᠭᠳᠡᠯ᠎ᠢ ᠰᠤᠳᠤᠯᠤᠨ ᠲᠣᠭᠲᠠᠭ᠋ᠠᠬᠤ ᠵᠢᠨ ᠬᠠᠮᠲᠤ ᠳᠠᠷᠤᠮᠠᠯᠯᠠᠨ ᠲᠠᠷᠬᠠᠭ᠋ᠠᠵᠤ᠂ 《ᠠᠵᠢᠯᠯᠠᠭ᠎ᠠ ᠵᠢᠨ ᠲᠥᠰᠥᠯ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠠᠵᠢᠯ᠎ᠢ ᠡᠬᠢᠯᠡᠭᠦᠯᠵᠡᠢ᠃
      ᠬᠣᠶᠠᠷ᠎ᠲᠤ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠪᠠ᠃ ᠰᠢᠨ᠎ᠡ ᠪᠣᠬᠢᠷᠲᠤᠯ ᠪᠣᠳᠠᠰ᠎ᠢ ᠵᠠᠰᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠬᠠᠲᠤᠨ ᠭᠣᠣᠯ᠎ᠢ ᠬᠠᠮᠠᠭ᠋ᠠᠯᠠᠬᠤ ᠬᠠᠤᠯᠢ᠎ᠳᠤ ᠣᠷᠣᠭᠤᠯᠵᠤ᠂ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠬᠠᠤᠯᠢ ᠲᠣᠭᠲᠠᠭ᠋ᠠᠯ᠎ᠢ ᠲᠣᠭᠲᠠᠭ᠋ᠠᠬᠤ ᠠᠵᠢᠯ᠎ᠢ ᠨᠢᠭᠡᠨᠲᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠤᠯᠢ ᠲᠣᠭᠲᠠᠭ᠋ᠠᠬᠤ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠠᠩᠰᠠᠯᠠᠯᠲᠠ ᠵᠢᠨ ᠠᠷᠭ᠎ᠠ ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠰᠢᠨ᠎ᠡ ᠪᠣᠬᠢᠷᠲᠤᠯ ᠪᠣᠳᠠᠰ᠎ᠤᠨ ᠲᠣᠳᠣᠷᠬᠠᠢ ᠬᠠᠭᠤᠳᠠᠰᠤ ᠵᠡᠷᠭᠡ 3 ᠵᠦᠢ᠍ᠯ᠎ᠤᠨ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ᠎ᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ᠂ ᠬᠢᠮᠢ ᠵᠢᠨ ᠪᠣᠳᠠᠰ᠎ᠤᠨ ᠨᠡᠷᠡᠰ᠎ᠤᠨ ᠵᠢᠭᠰᠠᠭ᠋ᠠᠯᠲᠠ ᠵᠡᠷᠭᠡ ᠤᠯᠠᠨ ᠵᠦᠢ᠍ᠯ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠤᠷᠢᠳ ᠵᠶ᠋ᠠᠷ ᠡᠵᠡᠮᠳᠡᠵᠦ᠂ ᠬᠠᠤᠯᠢ ᠲᠣᠭᠲᠠᠭ᠋ᠠᠬᠤ ᠦᠢ᠍ᠯᠡᠳᠦᠯᠭᠡ ᠵᠢ ᠤᠯᠠᠮ ᠨᠢᠭᠡ ᠠᠯᠬᠤᠮ ᠪᠠᠲᠤᠳᠬᠠᠪᠠ᠃ ᠬᠢᠮᠢ ᠵᠢᠨ ᠪᠣᠳᠠᠰ᠎ᠢ ᠰᠢᠯᠢᠨ ᠰᠣᠩᠭᠣᠬᠤ ᠮᠡᠷᠭᠡᠵᠢᠯ᠎ᠤᠨ ᠤᠳᠤᠷᠢᠳᠤᠮᠵᠢ ᠵᠢᠨ ᠳᠦᠷᠢᠮ᠂ ᠬᠢᠮᠢ ᠵᠢᠨ ᠪᠣᠳᠠᠰ᠎ᠤᠨ ᠣᠷᠴᠢᠨ ᠲᠣᠭᠣᠷᠢᠨ ᠬᠢᠭᠡᠳ ᠡᠷᠡᠭᠦᠯ ᠮᠠᠨᠳᠤ ᠵᠢᠨ ᠬᠣᠣᠷ ᠬᠥᠨᠥᠭᠡᠯ᠎ᠢ ᠦᠨᠡᠯᠡᠨ ᠵᠢᠱ᠌ᠢᠬᠦ ᠮᠡᠷᠭᠡᠵᠢᠯ᠎ᠤᠨ ᠤᠳᠤᠷᠢᠳᠤᠮᠵᠢ ᠵᠢᠨ ᠳᠦᠷᠢᠮ ᠵᠡᠷᠭᠡ ᠤᠯᠠᠨ ᠵᠦᠢ᠍ᠯ᠎ᠤᠨ ᠮᠡᠷᠭᠡᠵᠢᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠷᠳᠡᠷᠵᠢᠭᠦᠯᠪᠡ᠃
      ᠭᠤᠷᠪᠠ᠎ᠳᠤ ᠠᠷᠠᠳ ᠤᠯᠠᠨ᠎ᠤ ᠡᠷᠡᠭᠦᠯ ᠮᠠᠨᠳᠤ ᠠᠮᠤᠷ ᠲᠦᠪᠰᠢᠨ᠎ᠲᠠᠢ ᠨᠢᠭᠲᠠ ᠬᠣᠯᠪᠣᠭ᠎ᠠ᠎ᠲᠠᠢ ᠣᠷᠴᠢᠨ ᠲᠣᠭᠣᠷᠢᠨ᠎ᠤ ᠲᠣᠪᠣᠢ᠌ᠮ᠎ᠠ ᠠᠶᠤᠯ ᠲᠦᠭᠰᠢᠭᠦᠷᠢ ᠵᠢ ᠬᠦᠴᠦᠯᠡᠨ ᠰᠡᠷᠭᠡᠢ᠌ᠯᠡᠨ ᠡᠵᠡᠮᠳᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠪᠣᠭᠣᠮᠲᠠ ᠵᠢᠨ ᠶᠡᠷᠦᠩᠬᠡᠢ ᠵᠠᠬᠢᠷᠭ᠎ᠠ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠬᠠᠮᠲᠤᠷᠠᠨ ᠲᠦᠷᠦᠭᠦᠦ ᠪᠦᠯᠦᠭ᠎ᠤᠨ ᠰᠢᠨ᠎ᠡ ᠪᠣᠬᠢᠷᠲᠤᠯ ᠪᠣᠳᠠᠰ᠎ᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠵᠢ ᠳᠠᠷᠤᠮᠠᠯᠯᠠᠨ ᠲᠠᠷᠬᠠᠭ᠋ᠠᠵᠤ᠂ 14 ᠳᠦᠷᠦᠯ᠎ᠤᠨ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠲᠤ ᠴᠠᠭ᠋ᠠᠵᠠᠯᠠᠬᠤ᠂ ᠬᠢᠵᠠᠭ᠋ᠠᠷᠯᠠᠬᠤ᠂ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠡᠷᠭᠡ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠪᠡ᠃ ᠡᠭᠦᠨ᠎ᠳᠤ᠂ 2023 ᠣᠨ᠎ᠤ ᠡᠴᠦᠰ᠎ᠲᠤ 8 ᠲᠥᠷᠥᠯ ᠵᠦᠢ᠍ᠯ᠎ᠢ ᠰᠢᠭᠰᠢᠭᠳᠡᠭᠦᠯᠵᠦ᠂ ᠰᠢᠨ᠎ᠡ ᠪᠣᠬᠢᠷᠲᠤᠯ ᠪᠣᠳᠠᠰ᠎ᠢ ᠦᠢ᠍ᠯᠡᠳᠪᠦᠷᠢᠯᠡᠬᠦ᠂ ᠬᠡᠷᠡᠭᠯᠡᠬᠦ ᠪᠠ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠪᠡ᠂ ᠡᠭᠦᠨ᠎ᠳᠤ ᠰᠣᠷᠣᠭᠴᠢ ᠵᠢᠨ ᠪᠢᠴᠢᠭ᠎ᠤᠨ ᠪᠣᠭᠴᠣ᠂ ᠰᠦᠵᠢᠶᠤᠤ ᠭᠦᠶᠦᠯᠲᠡ ᠵᠢᠨ ᠵᠠᠮ᠂ ᠬᠡᠦᠬᠡᠳ᠎ᠤᠨ ᠲᠣᠭᠯᠠᠭ᠋ᠠᠮ᠎ᠤᠨ ᠵᠦᠢ᠍ᠯ ᠵᠡᠷᠭᠡ ᠵᠢ ᠦᠢ᠍ᠯᠡᠳᠪᠦᠷᠢᠯᠡᠬᠦ᠎ᠳᠤ ᠬᠡᠷᠡᠭᠯᠡᠵᠦ ᠪᠠᠢ᠌ᠭᠰᠠᠨ ᠣᠬᠣᠷ ᠬᠡᠯᠬᠢᠶᠡᠲᠦ ᠾᠯᠣᠷᠲᠤ ᠴᠢᠯᠠᠭᠤᠨ ᠯᠠ ᠪᠠᠭᠲᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠣᠯᠣᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠᠨ ᠠᠭᠤᠯᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠪᠣᠬᠢᠷᠲᠤᠯ ᠦᠭᠡᠢ ᠬᠥᠭᠵᠢᠯᠲᠡ ᠵᠢᠨ ᠵᠢᠱ᠌ᠢᠶ᠎ᠡ — ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ — ᠬᠠᠩᠭᠢᠨ ᠬᠣᠰᠢᠭᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠨᠠᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ ᠬᠦᠴᠦ᠎ᠪᠠᠨ ᠬᠠᠮᠲᠤᠳᠬᠠᠨ ᠭᠠᠷ ᠬᠣᠯᠪᠣᠨ ᠬᠠᠮᠲᠤᠪᠠᠷ ᠤᠷᠤᠭᠰᠢᠯᠠᠵᠤ ᠬᠢᠨᠠᠯᠲᠠ ᠲᠠᠯᠪᠢᠬᠤ ᠵᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠲᠤ ᠬᠦᠷᠴᠦ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠪᠠᠢ᠌ᠴᠠᠭ᠋ᠠᠨ ᠰᠤᠳᠤᠯᠪᠠ
 
             蒙ICP备05000248号