2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠵᠢᠨ ᠲᠥᠯᠥᠭᠡ᠂ 2024 ᠣᠨ᠎ᠤ 7 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠮᠲᠤᠷᠠᠨ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠤᠯᠪᠠᠰᠤᠷᠠᠯ᠎ᠤᠨ ᠬᠤᠷᠠᠯ》 ᠬᠤᠷᠠᠯᠳᠤᠪᠠ᠃ ᠲᠣᠰ ᠤᠳᠠᠭ᠋ᠠᠨ᠎ᠤ ᠬᠤᠷᠠᠯ᠎ᠢ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠬᠤᠷᠠᠯᠳᠤᠭᠤᠯᠪᠠ᠃ ᠬᠠᠮᠢᠶ᠎ᠠ ᠪᠦᠬᠦᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯᠲᠠᠨ ᠪᠠ ᠮᠡᠷᠭᠡᠵᠢᠯ᠎ᠤᠨ ᠠᠵᠢᠯᠲᠠᠳ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠦᠪᠵᠢᠭᠦᠯᠭᠡ ᠵᠢᠨ ᠬᠦᠷᠢᠶᠡᠯᠡᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠰᠠᠢ᠌ᠬᠠᠨ ᠬᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠰᠬᠠᠢ ᠮᠡᠷᠭᠡᠵᠢᠯᠲᠡᠨ᠎ᠢ ᠤᠷᠢᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠠᠷᠢᠮᠵᠢᠶ᠎ᠠ ᠵᠢᠨ ᠲᠠᠢ᠌ᠯᠤᠮᠵᠢ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠬᠠᠢ ᠵᠢᠨ ᠲᠠᠯᠠᠪᠠᠢ ᠵᠢᠨ ᠦᠨᠡᠯᠡᠨ ᠵᠢᠱ᠌ᠢᠬᠦ ᠭᠣᠣᠯᠳᠠᠯᠭ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠴᠠᠭ᠋ᠠᠯᠲᠠ ᠪᠠ ᠠᠵᠢᠭᠯᠠᠯᠲᠠ ᠵᠢᠨ ᠮᠡᠷᠭᠡᠵᠢᠯ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠥᠪᠡᠷ ᠵᠶ᠋ᠡᠨ ᠦᠨᠡᠯᠡᠨ ᠵᠢᠱ᠌ᠢᠭᠰᠡᠨ ᠲᠤᠷᠰᠢᠯᠭ᠎ᠠ᠎ᠪᠠᠨ ᠬᠤᠪᠢᠶᠠᠯᠴᠠᠬᠤ ᠵᠡᠷᠭᠡ ᠬᠢᠴᠢᠶᠡᠯ᠎ᠢ ᠵᠢᠭ᠋ᠠᠪᠠ᠃ ᠲᠣᠰ ᠤᠳᠠᠭ᠋ᠠᠨ᠎ᠤ ᠪᠤᠯᠪᠠᠰᠤᠷᠠᠯ᠎ᠨᠢ ᠲᠠᠷᠠᠭ᠋ᠠᠴᠢ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠳᠤ ᠰᠠᠭᠤᠷᠢ ᠲᠠᠯᠪᠢᠪᠠ᠃