ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ᠎ᠠ᠃ ᠲᠡᠭᠦᠨ᠎ᠤ ᠥᠪᠡᠷᠮᠢᠴᠡ ᠭᠠᠵᠠᠷ ᠵᠦᠢ ᠵᠢᠨ ᠪᠠᠢ᠌ᠷᠢᠰᠢᠯ᠂ ᠨᠠᠷᠢᠨ ᠪᠤᠳᠤᠯᠢᠶᠠᠨᠲᠠᠢ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠪᠣᠯᠣᠨ ᠠᠭᠤᠷ ᠠᠮᠢᠰᠬᠤᠯ᠎ᠤᠨ ᠨᠥᠬᠥᠴᠡᠯ᠎ᠨᠢ ᠤᠯᠠᠨ ᠶᠠᠩᠵᠤ ᠵᠢᠨ ᠠᠮᠢ ᠠᠬᠤᠢ ᠵᠢᠨ ᠰᠢᠰᠲ᠋ᠧᠮ ᠪᠣᠯᠣᠨ ᠥᠪᠡᠷᠮᠢᠴᠡ ᠣᠨᠴᠠᠯᠢᠭ᠎ᠲᠠᠢ ᠪᠣᠳᠠᠰ᠎ᠤᠨ ᠳᠦᠷᠦᠯ᠎ᠤᠨ ᠡᠬᠢ ᠪᠠᠶᠠᠯᠢᠭ᠎ᠢ ᠪᠣᠢ᠌ᠵᠢᠭᠤᠯᠵᠤ᠂ ᠤᠯᠤᠰ᠎ᠤᠨ ᠭᠣᠣᠯ ᠪᠤᠯᠠᠬᠤ ᠬᠠᠮᠠᠭ᠋ᠠᠯᠠᠯᠲᠠ᠎ᠳᠤ ᠪᠠᠢ᠌ᠭ᠎ᠠ 47 ᠳᠦᠷᠦᠯ᠎ᠤᠨ ᠤᠷᠭᠤᠮᠠᠯ᠂ ᠮᠥᠬᠥᠬᠦ ᠰᠢᠬᠠᠭᠰᠠᠨ 93 ᠳᠦᠷᠦᠯ᠎ᠤᠨ ᠤᠷᠭᠤᠮᠠᠯ ᠲᠠᠷᠬᠠᠵᠤ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠭᠣᠣᠯ ᠪᠤᠯᠠᠬᠤ ᠣᠷᠣᠨ ᠪᠦᠰᠡ ᠵᠢᠨ ᠨᠢᠭᠡ ᠪᠣᠯᠣᠨ᠎ᠠ᠃
ᠥᠪᠥᠷ ᠮᠣᠩᠭᠣᠯ ᠨᠢᠭᠡᠨᠲᠡ ᠮᠤᠵᠢ ᠵᠢᠨ ᠬᠡᠪᠴᠢᠶ᠎ᠡ ᠪᠠ ᠬᠤᠳᠠ ᠵᠢᠨ ᠬᠡᠪᠴᠢᠶ᠎ᠡ ᠵᠢᠨ ᠠᠮᠢ ᠠᠬᠤᠢ ᠵᠢᠨ ᠰᠢᠰᠲ᠋ᠧᠮ᠎ᠤᠨ ᠳᠦᠷᠦᠯ ᠬᠡᠯᠪᠡᠷᠢ ᠵᠢᠨ ᠵᠢᠷᠤᠭ᠎ᠢ ᠰᠢᠨᠡᠳᠬᠡᠨ ᠵᠢᠷᠤᠵᠤ᠂ ᠥᠪᠥᠷ ᠮᠣᠩᠭᠣᠯ᠎ᠤᠨ ᠤᠷᠭᠤᠮᠠᠯ᠎ᠤᠨ ᠤᠯᠠᠨ ᠶᠠᠩᠵᠤᠲᠤ ᠴᠢᠨᠠᠷ᠎ᠤᠨ ᠪᠠᠶ᠋ᠢᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠵᠤ᠂ ᠥᠪᠥᠷ ᠮᠣᠩᠭᠣᠯ᠎ᠤᠨ ᠠᠮᠢ ᠠᠬᠤᠢ ᠵᠢᠨ ᠰᠢᠰᠲ᠋ᠧᠮ᠎ᠤᠨ ᠤᠯᠠᠭ᠋ᠠᠨ ᠨᠡᠷᠡᠰ᠎ᠤᠨ ᠵᠢᠭᠰᠠᠭ᠋ᠠᠯᠲᠠ ᠵᠢ ᠦᠨᠡᠯᠡᠨ ᠲᠣᠭᠲᠠᠭ᠋ᠠᠵᠤ᠂ 11 ᠲᠤᠢ᠌ᠯ᠎ᠤᠨ ᠠᠶᠤᠯᠲᠠᠢ ᠠᠮᠢ ᠠᠬᠤᠢ ᠵᠢᠨ ᠰᠢᠰᠲ᠋ᠧᠮ᠎ᠤᠨ ᠪᠦᠯᠦᠭᠯᠡᠯ᠂ 27 ᠮᠥᠬᠥᠬᠦ ᠰᠢᠬᠠᠭᠰᠠᠨ ᠠᠮᠢ ᠠᠬᠤᠢ ᠵᠢᠨ ᠰᠢᠰᠲ᠋ᠧᠮ᠎ᠤᠨ ᠪᠦᠯᠦᠭ᠂ 51 ᠮᠥᠬᠥᠬᠦ᠎ᠳᠤ ᠭᠢᠯᠪᠡᠷ ᠠᠮᠢ ᠠᠬᠤᠢ ᠵᠢᠨ ᠰᠢᠰᠲ᠋ᠧᠮ᠎ᠤᠨ ᠪᠦᠯᠦᠭ᠂ 40 ᠠᠶᠤᠯ ᠲᠦᠭᠰᠢᠭᠦᠷᠢ᠎ᠲᠠᠢ ᠠᠮᠢ ᠠᠬᠤᠢ ᠵᠢᠨ ᠰᠢᠰᠲ᠋ᠧᠮ᠎ᠤᠨ ᠪᠦᠯᠦᠭ᠎ᠢ ᠦᠨᠡᠯᠡᠨ ᠭᠠᠷᠭ᠋ᠠᠵᠤ᠂ ᠠᠮᠢ ᠠᠬᠤᠢ ᠵᠢᠨ ᠶᠡᠷᠦᠩᠬᠡᠢ᠌ᠯᠡᠭᠰᠡᠨ ᠬᠢᠨᠠᠨ ᠬᠡᠮᠵᠢᠬᠦ ᠥᠷᠲᠡᠭᠡ ᠵᠢ 13 ᠪᠠᠢ᠌ᠭᠤᠯᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠳᠤ 《ᠨᠢᠭᠡ ᠥᠷᠲᠡᠭᠡ ᠤᠯᠠᠨ ᠴᠡᠭ》᠎ᠤᠨ ᠠᠷᠭ᠎ᠠ ᠮᠠᠶᠢᠭ ᠵᠶ᠋ᠠᠷ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠢᠨᠠᠨ ᠬᠡᠮᠵᠢᠬᠦ ᠥᠯᠢᠭᠡᠷ ᠶᠠᠩᠵᠤ ᠵᠢᠨ ᠭᠠᠵᠠᠷ᠎ᠢ 1308 ᠪᠠᠢ᠌ᠷᠢᠯᠠᠭᠤᠯᠪᠠ᠃ ᠮᠤᠵᠢ ᠵᠢᠨ ᠱᠠᠲᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠨ ᠬᠠᠮᠢᠶᠠᠷᠬᠤ ᠲᠠᠪᠴᠠᠩ᠎ᠢ ᠪᠠᠢ᠌ᠭᠤᠯᠵᠤ᠂ 《ᠥᠪᠥᠷ ᠮᠣᠩᠭᠣᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠳ᠋ᠠᠢ᠌ᠲ᠋ᠠ ᠬᠥᠮᠥᠷᠭᠡ》 ᠵᠢ ᠪᠠᠢ᠌ᠭᠤᠯᠤᠨ᠂ 8 ᠪᠠᠶ᠋ᠢᠭ᠋ᠠᠯᠢ ᠵᠢᠨ ᠣᠷᠣᠨ᠎ᠳᠤ ᠣᠶᠤᠨᠴᠢ ᠬᠢᠨᠠᠨ ᠬᠡᠮᠵᠢᠬᠦ ᠰᠢᠰᠲ᠋ᠧᠮ᠎ᠢ ᠪᠡᠯᠡᠳᠬᠡᠨ ᠪᠠᠢ᠌ᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠣᠶᠤᠨᠴᠢ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠪᠡ᠃ 《ᠣᠷᠣᠨ ᠪᠦᠰᠡ ᠵᠢᠨ ᠠᠮᠢ ᠠᠬᠤᠢ ᠵᠢᠨ ᠶᠠᠰᠤ ᠴᠢᠨᠠᠷ᠎ᠢ ᠬᠥᠳᠡᠯᠦᠩᠭᠦᠢ᠎ᠪᠠᠷ ᠦᠨᠡᠯᠡᠬᠦ ᠮᠡᠷᠭᠡᠵᠢᠯ᠎ᠤᠨ ᠵᠢᠷᠤᠮᠵᠢᠯ》 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠢᠨᠠᠨ ᠬᠡᠮᠵᠢᠬᠦ ᠰᠦᠯᠵᠢᠶᠡᠨ᠎ᠤ ᠮᠡᠷᠭᠡᠵᠢᠯ᠎ᠤᠨ ᠵᠢᠷᠤᠮᠵᠢᠯ》 《ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠡᠬᠡ ᠲᠠᠩᠰᠠ ᠬᠢᠭᠡᠳ ᠬᠢᠨᠠᠯᠲᠠ ᠬᠠᠮᠢᠶᠠᠷᠤᠯᠲᠠ ᠵᠢᠨ ᠳ᠋ᠠᠢ᠌ᠲ᠋ᠠ ᠬᠥᠮᠥᠷᠭᠡ ᠵᠢᠨ ᠪᠠᠢ᠌ᠭᠤᠯᠤᠯᠲᠠ ᠵᠢᠨ ᠪᠠᠷᠢᠮᠵᠢᠶ᠎ᠠ》 ᠵᠡᠷᠭᠡ 3 ᠵᠦᠢ᠍ᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠨᠠᠢ᠌ᠷᠠᠭᠤᠯᠤᠨ ᠵᠣᠬᠢᠶᠠᠵᠤ᠂ ᠥᠪᠥᠷ ᠮᠣᠩᠭᠣᠯ᠎ᠤᠨ 《ᠣᠭᠲᠠᠷᠭᠤᠢ ᠪᠠ ᠭᠠᠵᠠᠷ ᠣᠷᠣᠨ᠎ᠢ ᠨᠢᠭᠡ ᠴᠣᠭᠴᠠᠵᠢᠭᠤᠯᠤᠭᠰᠠᠨ》 ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠢᠨᠠᠨ ᠬᠡᠮᠵᠢᠬᠦ᠂ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ᠎ᠤᠨ ᠰᠢᠰᠲ᠋ᠧᠮᠵᠢ ᠵᠢ ᠪᠠᠢ᠌ᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠬᠢᠨᠠᠨ ᠬᠠᠮᠢᠶᠠᠷᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠥᠪᠥᠷ ᠮᠣᠩᠭᠣᠯ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠵᠤ ᠪᠤᠢ᠄ ᠨᠢᠭᠡ᠎ᠳᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠠᠢ᠌ᠴᠠᠭ᠋ᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠣᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠰᠡᠷᠭᠦᠭᠡᠬᠦ᠎ᠳᠤ ᠲᠣᠭ᠎ᠠ ᠪᠠᠷᠢᠮᠲᠠ ᠵᠢᠨ ᠰᠠᠭᠤᠷᠢ ᠬᠠᠩᠭ᠋ᠠᠵᠤ ᠪᠠᠢ᠌ᠨ᠎ᠠ; ᠬᠣᠶᠠᠷ᠎ᠲᠤ 《ᠨᠢᠭᠡ ᠥᠷᠲᠡᠭᠡ ᠤᠯᠠᠨ ᠴᠡᠭ》᠎ᠤᠨ ᠬᠢᠨᠠᠨ ᠬᠡᠮᠵᠢᠬᠦ ᠵᠠᠭᠪᠤᠷ᠎ᠢ ᠬᠠᠮᠲᠤᠷᠠᠨ ᠡᠭᠦᠳᠦᠨ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠮᠡᠷᠭᠡᠵᠢᠯ᠎ᠤᠨ ᠬᠦᠴᠦᠨ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ᠎ᠳᠤ ᠲᠦᠰᠢᠭᠯᠡᠨ᠂ ᠰᠠᠯᠠᠭ᠎ᠠ ᠮᠥᠴᠢᠷ ᠬᠠᠮᠵᠢᠯᠴᠠᠬᠤ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠦᠷᠢᠯᠡᠬᠦ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠬᠢᠨᠠᠨ ᠬᠡᠮᠵᠢᠬᠦ ᠵᠠᠭᠪᠤᠷ ᠵᠶ᠋ᠠᠷ ᠳᠠᠮᠵᠢᠭᠤᠯᠤᠨ᠂ ᠠᠮᠢ ᠠᠬᠤᠢ ᠵᠢᠨ ᠬᠢᠨᠠᠨ ᠬᠡᠮᠵᠢᠬᠦ ᠰᠦᠯᠵᠢᠶ᠎ᠡ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠠᠮᠢ ᠠᠬᠤᠢ ᠵᠢᠨ ᠬᠢᠨᠠᠨ ᠬᠡᠮᠵᠢᠬᠦ ᠰᠦᠯᠵᠢᠶ᠎ᠡ ᠵᠢᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ ᠪᠠᠢ᠌ᠨ᠎ᠠ; ᠭᠤᠷᠪᠠ᠎ᠳᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠣᠷᠣᠨ ᠨᠤᠲᠤᠭ᠎ᠤᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠵᠤ᠂ ᠬᠠᠮᠠᠭ᠋ᠠᠯᠠᠯᠲᠠ ᠵᠢᠨ ᠠᠵᠢᠯ᠎ᠤᠨ ᠪᠠᠷᠢᠮᠵᠢᠶᠠᠵᠢᠯᠲᠠ ᠪᠠ ᠵᠢᠷᠦᠮᠵᠢᠯᠲᠡ ᠵᠢ ᠠᠬᠢᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠵᠤ ᠪᠠᠢ᠌ᠨ᠎ᠠ; ᠳᠥᠷᠪᠡ᠎ᠳᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠣᠶᠤᠨᠴᠢ ᠬᠢᠨᠠᠨ ᠬᠡᠮᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠵᠤ᠂ ᠬᠡᠰᠡᠭ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠣᠶᠤᠨᠴᠢ ᠬᠢᠨᠠᠨ ᠬᠡᠮᠵᠢᠯᠲᠡ ᠵᠢᠨ ᠰᠢᠰᠲ᠋ᠧᠮ᠎ᠢ ᠪᠠᠢ᠌ᠭᠤᠯᠵᠤ᠂ ᠶᠡᠬᠡ ᠰᠤᠷᠭ᠋ᠠᠭᠤᠯᠢ᠎ᠲᠠᠢ ᠬᠠᠮᠲᠤᠷᠠᠨ ᠮᠤᠵᠢ ᠵᠢᠨ ᠲᠡᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠳ᠋ᠠᠢ᠌ᠲ᠋ᠠ ᠬᠥᠮᠥᠷᠭᠡ ᠵᠢ ᠬᠠᠮᠲᠤ᠎ᠪᠠᠷ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠬᠢᠨᠠᠨ ᠬᠡᠮᠵᠢᠯᠲᠡ ᠵᠢᠨ ᠰᠢᠨ᠎ᠡ ᠵᠢ ᠡᠭᠦᠳᠬᠦ ᠬᠡᠷᠡᠭᠯᠡᠭᠡᠨ᠎ᠤ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠥᠷᠨᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠣᠶᠤᠨᠴᠢᠯᠠᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠬᠡᠭᠰᠢᠯᠡᠬᠦᠯᠵᠦ ᠪᠠᠢ᠌ᠨ᠎ᠠ᠃
ᠥᠪᠥᠷ ᠮᠣᠩᠭᠣᠯ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠳᠠᠨ ᠠᠭᠤᠯᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠠᠢ᠌ᠴᠠᠭ᠋ᠠᠨ ᠰᠢᠨᠵᠢᠬᠦ᠂ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠤᠨ ᠪᠠᠢ᠌ᠭᠤᠯᠤᠯᠲᠠ᠂ ᠲᠣᠭ᠋ᠠᠴᠢᠯᠠᠭᠰᠠᠨ ᠣᠶᠤᠨ ᠤᠬᠠᠭ᠋ᠠᠨ ᠵᠶ᠋ᠠᠷ ᠡᠨᠧᠷᠭᠢ ᠣᠯᠭᠣᠵᠤ ᠬᠡᠯᠪᠡᠷᠢ ᠵᠢ ᠬᠤᠪᠢᠷᠠᠭᠤᠯᠬᠤ ᠵᠡᠷᠭᠡ ᠵᠢ ᠢᠳᠡᠪᠬᠢᠲᠡᠢ ᠠᠬᠢᠭᠤᠯᠵᠤ᠂ ᠥᠪᠥᠷ ᠮᠣᠩᠭᠣᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠵᠠᠰᠠᠬᠤ᠎ᠳᠤ ᠬᠦᠴᠦᠨ ᠴᠢᠳᠠᠯ ᠵᠶ᠋ᠠᠨ ᠡᠷᠭᠦᠪᠡ᠃