ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2024-08-28

       ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠶᠠᠰᠤ ᠴᠢᠨᠠᠷ᠎ᠢ ᠳᠡᠬᠡᠭᠰᠢᠯᠡᠬᠦᠯᠬᠦ ᠵᠢᠨ ᠲᠥᠯᠥᠭᠡ᠂ 2024 ᠣᠨ᠎ᠤ 6 ᠰᠠᠷ᠎ᠠ ᠵᠢᠨ 12᠎ᠤᠨ ᠡᠳᠦᠷ᠎ᠠᠴᠠ 13᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠤᠯᠠᠭ᠋ᠠᠨᠬᠣᠲᠠ᠎ᠳᠤ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠧ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠡᠷᠬᠢᠮᠳᠤ ᠬᠤᠷᠠᠯ᠎ᠳᠤ ᠣᠷᠣᠯᠴᠠᠨ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠤᠤ ᠹᠦ᠋ ᠴᠢᠤᠸᠠᠨ ᠬᠤᠷᠠᠯ᠎ᠢ ᠡᠷᠬᠢᠯᠡᠪᠡ᠃
      ᠪᠣᠯᠪᠠᠰᠤᠷᠠᠯ᠎ᠢ ᠲᠥᠪᠯᠡᠷᠡᠭᠦᠯᠦᠨ ᠬᠢᠴᠢᠶᠡᠯᠯᠡᠬᠦ᠂ ᠰᠣᠯᠢᠯᠴᠠᠨ ᠰᠤᠳᠤᠯᠤᠨ ᠶᠠᠷᠢᠯᠴᠠᠬᠤ ᠪᠠ ᠲᠤᠬᠠᠢ ᠵᠢᠨ ᠭᠠᠵᠠᠷ᠎ᠲᠤᠨᠢ ᠵᠢᠭ᠋ᠠᠨ ᠰᠤᠷᠭ᠋ᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ ᠲᠤᠰ ᠲᠤᠰ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ ᠵᠢᠨ ᠲᠣᠭᠣᠷᠢᠨ᠎ᠳᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠬᠢᠭᠡᠳ 《ᠬᠣᠶᠠᠷ ᠠᠭᠤᠯᠠ》 ᠵᠢᠨ ᠰᠠᠭᠤᠷᠢᠨ ᠭᠠᠵᠠᠷ᠎ᠤᠨ ᠳᠠᠬᠢᠨ ᠬᠢᠨᠠᠵᠤ ᠦᠨᠡᠯᠡᠨ ᠵᠢᠱ᠌ᠢᠬᠦ ᠮᠡᠷᠭᠡᠵᠢᠯ᠎ᠤᠨ ᠭᠣᠣᠯᠳᠠᠯᠭ᠎ᠠ ᠵᠢᠴᠢ ᠲᠠᠪᠴᠠᠩ᠎ᠤᠨ ᠲᠠᠭᠯᠠᠨ ᠮᠡᠳᠡᠭᠦᠯᠬᠦ ᠭᠣᠣᠯᠳᠠᠯᠭ᠎ᠠ ᠵᠡᠷᠭᠡ ᠠᠭᠤᠯᠭ᠎ᠠ᠎ᠪᠠᠷ ᠰᠤᠷᠤᠯᠭ᠋ᠠᠲᠠᠳ᠎ᠲᠤ ᠭᠣᠢ᠌ᠳᠠ ᠰᠠᠢ᠌ᠬᠠᠨ ᠬᠢᠴᠢᠶᠡᠯ ᠣᠷᠣᠭᠰᠠᠨ ᠪᠠᠢ᠌ᠨ᠎ᠠ᠃ ᠪᠣᠯᠪᠠᠰᠤᠷᠠᠯ᠎ᠤᠨ ᠬᠤᠭᠤᠴᠠᠭ᠋ᠠᠨ᠎ᠳᠤ ᠪᠠᠰᠠ ᠰᠤᠷᠤᠯᠭ᠋ᠠᠲᠠᠳ᠎ᠢ ᠵᠣᠬᠢᠶᠠᠨ ᠪᠠᠢ᠌ᠭᠤᠯᠵᠤ ᠪᠠᠶ᠋ᠢᠭ᠋ᠠᠳ ᠬᠢᠩᠭ᠋ᠠᠨ ᠠᠶ᠋ᠢᠮᠠᠭ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠡᠬᠢᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠤᠭᠰᠠᠨ ᠲᠡᠷᠢᠭᠦᠨ᠎ᠤ ᠠᠷᠭ᠎ᠠ ᠬᠢᠳᠡᠯ ᠲᠤᠷᠰᠢᠯᠭ᠎ᠠ ᠵᠢ ᠪᠣᠳᠠᠲᠠᠢ ᠭᠠᠵᠠᠷ᠎ᠲᠤᠨᠢ ᠰᠤᠷᠤᠯᠴᠠᠪᠠ᠃
      ᠲᠣᠰ ᠤᠳᠠᠭ᠋ᠠᠨ᠎ᠤ ᠪᠣᠯᠪᠠᠰᠤᠷᠠᠯ᠎ᠨᠢ ᠪᠣᠯᠪᠠᠰᠤᠷᠠᠯ᠎ᠳᠤ ᠣᠷᠣᠯᠴᠠᠭᠰᠠᠨ ᠰᠤᠷᠤᠯᠭ᠋ᠠᠲᠠᠳ᠎ᠲᠤ ᠰᠠᠶ᠋ᠢᠨ ᠰᠠᠢ᠌ᠬᠠᠨ ᠰᠤᠷᠤᠯᠴᠠᠬᠤ ᠲᠣᠬᠢᠶᠠᠯ ᠣᠯᠭᠣᠵᠠᠢ᠃ ᠤᠯᠠᠨ ᠵᠶ᠋ᠠᠷ ᠵᠶ᠋ᠠᠨ᠂ ᠬᠢᠴᠢᠶᠡᠯ᠎ᠤᠨ ᠲᠣᠬᠢᠷᠠᠭᠤᠯᠤᠯᠲᠠ᠎ᠨᠢ ᠰᠢᠨᠵᠢᠯᠡᠬᠦ ᠤᠬᠠᠭ᠋ᠠᠨᠴᠢ᠂ ᠠᠭᠤᠯᠭ᠎ᠠ᠎ᠨᠢ ᠪᠠᠶᠠᠯᠢᠭ ᠪᠥᠭᠡᠳ ᠪᠥᠬᠥ ᠲᠠᠯ᠎ᠠ ᠵᠢᠨ ᠪᠠᠢ᠌ᠵᠤ᠂ ᠬᠢᠴᠢᠶᠡᠯᠯᠡᠵᠦ ᠪᠠᠢ᠌ᠭ᠎ᠠ ᠪᠠᠭᠰᠢ ᠵᠢᠨ ᠲᠠᠢ᠌ᠯᠤᠮᠵᠢ᠎ᠨᠢ ᠨᠠᠷᠢᠨ ᠪᠣᠳᠠᠲᠠᠢ ᠪᠥᠭᠡᠳ ᠠᠮᠢᠳᠤᠯᠢᠭ ᠪᠠᠢ᠌ᠵᠤ᠂ ᠠᠵᠢᠯ᠎ᠤᠨ ᠲᠠᠨᠢᠯᠲᠠ ᠪᠠ ᠮᠡᠷᠭᠡᠵᠢᠯ᠎ᠤᠨ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠡᠳᠦᠷ ᠲᠤᠲᠤᠮ᠎ᠤᠨ ᠠᠵᠢᠯ᠎ᠢ ᠥᠷᠨᠢᠭᠦᠯᠬᠦ᠎ᠳᠤ ᠮᠠᠰᠢ ᠰᠠᠶ᠋ᠢᠨ ᠵᠢᠯᠤᠭᠣᠳᠬᠤ ᠦᠢ᠍ᠯᠡᠳᠦᠯ᠎ᠲᠠᠢ ᠶᠤᠮ ᠭᠡᠵᠦ ᠢᠯᠡᠳᠵᠡᠭᠡᠪᠡ᠃
      ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ 5 ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠨᠥᠬᠥᠳ ᠪᠣᠯᠣᠨ ᠬᠠᠷᠠᠭ᠋ᠠᠯᠵᠠᠭᠰᠠᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠡᠭᠦᠳᠦᠨ ᠪᠠᠢ᠌ᠭᠤᠯᠬᠤ ᠠᠵᠢᠯ᠎ᠢ ᠢᠳᠡᠪᠬᠢᠲᠡᠢ ᠥᠷᠨᠢᠭᠦᠯᠵᠦ ᠪᠠᠢ᠌ᠭ᠎ᠠ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠡᠷᠭᠡ ᠨᠠᠢ᠌ᠳᠠ 100 ᠰᠢᠬᠠᠮ ᠬᠥᠮᠥᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠠᠮ᠎ᠤᠨ ᠡᠭᠦᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠎ᠤᠨ ᠨᠠᠮ᠎ᠤᠨ ᠡᠭᠦᠷ ᠶᠡᠷᠦᠩᠬᠡᠢ᠌ᠯᠡᠭᠰᠡᠨ ᠭᠠᠵᠠᠷ᠎ᠤᠨ ᠨᠠᠮ᠎ᠤᠨ ᠡᠭᠦᠷ ᠵᠡᠷᠭᠡ᠎ᠨᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠨᠢᠭᠡᠴᠢ ᠵᠢᠨ ᠨᠠᠮ᠎ᠤᠨ ᠡᠭᠦᠷ᠎ᠲᠠᠢ ᠬᠠᠮᠲᠤᠷᠠᠨ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠭᠣᠣᠯ ᠰᠡᠳᠦᠪᠲᠦ ᠨᠠᠮ᠎ᠤᠨ ᠡᠳᠦᠷ᠎ᠤᠨ ᠬᠠᠮᠲᠤᠷᠠᠭᠰᠠᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠨ ᠬᠠᠮᠢᠶᠠᠷᠤᠯᠲᠠ ᠵᠢᠨ ᠪᠤᠯᠪᠠᠰᠤᠷᠠᠯ᠎ᠤᠨ ᠬᠤᠷᠠᠯ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ  ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
 
             蒙ICP备05000248号