ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠪᠠᠶ᠋ᠢᠭᠠᠯᠢᠭ ᠠᠮᠢ ᠠᠬᠤᠢ᠎ᠶᠢᠨ ᠬᠠᠮᠠᠭᠠᠯᠠᠨ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠠᠮ᠎ᠤᠨ ᠡᠭᠦᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠎ᠤᠨ ᠨᠠᠮ᠎ᠤᠨ ᠡᠭᠦᠷ ᠶᠡᠷᠦᠩᠬᠡᠢ᠌ᠯᠡᠭᠰᠡᠨ ᠭᠠᠵᠠᠷ᠎ᠤᠨ ᠨᠠᠮ᠎ᠤᠨ ᠡᠭᠦᠷ ᠵᠡᠷᠭᠡ᠎ᠨᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠨᠢᠭᠡᠴᠢ ᠵᠢᠨ ᠨᠠᠮ᠎ᠤᠨ ᠡᠭᠦᠷ᠎ᠲᠠᠢ ᠬᠠᠮᠲᠤᠷᠠᠨ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠭᠣᠣᠯ ᠰᠡᠳᠦᠪᠲᠦ ᠨᠠᠮ᠎ᠤᠨ ᠡᠳᠦᠷ᠎ᠤᠨ ᠬᠠᠮᠲᠤᠷᠠᠭᠰᠠᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-09-03

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠵᠢᠨ ᠦᠢ᠍ᠯᠡᠳᠬᠦᠨ᠎ᠤ ᠥᠷᠳᠡᠭ᠎ᠢ ᠪᠡᠶᠡᠯᠡᠭᠦᠯᠬᠦ ᠠᠷᠭ᠎ᠠ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠠᠮᠢ ᠠᠬᠤᠢ ᠵᠢᠨ ᠦᠢ᠍ᠯᠡᠳᠬᠦᠨ᠎ᠤ ᠥᠷᠳᠡᠭ᠎ᠢ ᠪᠡᠶᠡᠯᠡᠭᠦᠯᠬᠦ ᠲᠣᠭᠲᠠᠴᠠ ᠵᠢ ᠪᠠᠢ᠌ᠭᠤᠯᠬᠤ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ 2024 ᠣᠨ᠎ᠤ 7 ᠰᠠᠷ᠎ᠠ ᠵᠢᠨ 4᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠠᠮ᠎ᠤᠨ ᠡᠭᠦᠷ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠎ᠤᠨ ᠨᠠᠮ᠎ᠤᠨ ᠡᠭᠦᠷ᠂ ᠶᠡᠷᠦᠩᠬᠡᠢ᠌ᠯᠡᠭᠰᠡᠨ ᠭᠠᠵᠠᠷ᠎ᠤᠨ ᠨᠠᠮ᠎ᠤᠨ ᠡᠭᠦᠷ ᠵᠡᠷᠭᠡ᠎ᠨᠢ ᠥᠪᠥᠷ ᠮᠣᠩᠭᠣᠯ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠰᠣᠶᠣᠯ ᠵᠤᠭ᠋ᠠᠴᠠᠯ᠎ᠤᠨ ᠲᠢᠩᠬᠢᠮ᠂ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ ᠵᠡᠷᠭᠡ ᠨᠢᠭᠡᠴᠢ ᠵᠢᠨ ᠨᠠᠮ᠎ᠤᠨ ᠡᠭᠦᠷ᠎ᠲᠠᠢ ᠬᠠᠮᠲᠤᠷᠠᠨ 《ᠰᠠᠯᠠᠭ᠎ᠠ ᠮᠥᠴᠢᠷ᠎ᠢ ᠨᠢᠭᠲᠠᠷᠠᠭᠤᠯᠵᠤ ᠬᠦᠴᠦ᠎ᠪᠠᠨ ᠬᠠᠮᠲᠤᠳᠬᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠤᠨ ᠪᠡᠶᠡᠯᠡᠭᠳᠡᠬᠦ ᠵᠢ ᠠᠬᠢᠭᠤᠯᠬᠤ》 ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ᠃
      ᠨᠠᠮ᠎ᠤᠨ ᠡᠳᠦᠷ᠎ᠤᠨ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ᠎ᠤᠨ ᠴᠠᠭ ᠠᠭᠤᠷ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠭᠰᠠᠨ ᠲᠠᠪᠤᠨ ᠵᠢᠯ᠎ᠤᠨ ᠣᠢ ᠵᠢᠨ ᠠᠮᠵᠢᠯᠲᠠ ᠪᠦᠲᠦᠮᠵᠢ ᠵᠢᠨ ᠦᠵᠡᠭᠦᠯᠭᠡ ᠵᠢ ᠲᠣᠭᠣᠷᠢᠨ ᠦᠵᠡᠵᠦ᠂ ᠥᠪᠥᠷ ᠮᠣᠩᠭᠣᠯ᠎ᠤᠨ ᠴᠠᠭ ᠠᠭᠤᠷ᠎ᠤᠨ ᠬᠣᠷᠢᠶ᠎ᠠ᠂ ᠥᠪᠥᠷ ᠮᠣᠩᠭᠣᠯ᠎ᠤᠨ ᠠᠭᠤᠷ ᠠᠮᠢᠰᠬᠤᠯ᠎ᠤᠨ ᠲᠥᠪ᠂ ᠥᠪᠥᠷ ᠮᠣᠩᠭᠣᠯ᠎ᠤᠨ ᠠᠮᠢ ᠠᠬᠤᠢ ᠬᠢᠭᠡᠳ ᠲᠠᠷᠢᠶᠠᠯᠠᠩ᠎ᠤᠨ ᠴᠠᠭ ᠠᠭᠤᠷ᠎ᠤᠨ ᠲᠥᠪ ᠵᠡᠷᠭᠡ ᠠᠵᠢᠯ᠎ᠤᠨ ᠠᠬᠤᠢ ᠪᠠᠶ᠋ᠢᠳᠠᠯ᠎ᠢ ᠪᠠᠢ᠌ᠴᠠᠭ᠋ᠠᠨ ᠰᠤᠳᠤᠯᠵᠤ᠂ ᠴᠠᠭ ᠠᠭᠤᠷ᠎ᠤᠨ ᠦᠢ᠍ᠯᠡᠴᠢᠯᠡᠭᠡᠨ᠎ᠤ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠳᠤᠮᠳᠠᠬᠢ ᠬᠡᠷᠡᠭᠯᠡᠯᠲᠡ ᠵᠢ ᠪᠥᠬᠥ ᠲᠠᠯ᠎ᠠ᠎ᠪᠠᠷ ᠣᠢ᠌ᠯᠠᠭ᠋ᠠᠨ᠂ ᠲᠣᠭᠣᠷᠢᠨ ᠦᠵᠡᠵᠦ ᠪᠠᠢ᠌ᠴᠠᠭ᠋ᠠᠨ ᠰᠤᠳᠤᠯᠤᠯᠲᠠ ᠳᠠᠭᠤᠰᠤᠭᠰᠠᠨ᠎ᠤ ᠳᠠᠷᠠᠭ᠎ᠠ ᠡᠯ᠎ᠡ ᠰᠠᠯᠠᠭ᠎ᠠ ᠮᠥᠴᠢᠷ᠎ᠤᠳ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠪᠣᠳᠠᠲᠠᠢ ᠠᠷᠭ᠎ᠠ ᠵᠠᠮ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠢᠯ᠎ᠤᠨ ᠲᠣᠭᠲᠠᠴᠠ ᠵᠡᠷᠭᠡ ᠲᠠᠯ᠎ᠠ᠎ᠪᠠᠷ ᠶᠠᠷᠢᠯᠴᠠᠨ ᠰᠣᠯᠢᠯᠴᠠᠬᠤ ᠪᠠ ᠰᠤᠳᠤᠯᠤᠨ ᠶᠠᠷᠢᠯᠴᠠᠭᠰᠠᠨ ᠪᠠᠢ᠌ᠨ᠎ᠠ᠃
      ᠲᠤᠰ ᠤᠳᠠᠭ᠎ᠠ ᠵᠢᠨ ᠨᠠᠮ᠎ᠤᠨ ᠡᠳᠦᠷ᠎ᠤᠨ ᠠᠵᠢᠯᠯᠠᠭ᠎ᠠ᠎ᠨᠢ ᠰᠠᠯᠠᠭ᠎ᠠ ᠮᠥᠴᠢᠷ᠎ᠤᠨ ᠬᠣᠭᠤᠷᠤᠨᠳᠤᠬᠢ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢᠨ ᠠᠵᠢᠯ᠎ᠤᠨ ᠬᠠᠷᠢᠯᠴᠠᠭ᠎ᠠ ᠵᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠨ ᠬᠣᠭᠤᠷᠤᠨᠳᠤᠬᠢ ᠨᠢᠭᠲᠠᠷᠠᠯ᠎ᠤᠨ ᠬᠦᠴᠦᠨ ᠪᠠ ᠲᠠᠢ᠌ᠴᠢᠨ ᠬᠦᠴᠦᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠠᠵᠢᠯ᠎ᠢ ᠭᠦᠨᠵᠡᠭᠡᠢ ᠠᠬᠢᠭᠤᠯᠬᠤ᠎ᠳᠤ ᠰᠠᠢ᠍ᠢ᠍ᠨ ᠰᠠᠢ᠌ᠬᠠᠨ ᠰᠣᠯᠢᠯᠴᠠᠭ᠎ᠠ ᠬᠠᠮᠲᠤᠷᠠᠯᠴᠠᠭ᠎ᠠ ᠵᠢᠨ ᠰᠠᠭᠤᠷᠢ ᠵᠢ ᠲᠠᠯᠪᠢᠭᠰᠠᠨ ᠪᠠᠢ᠌ᠨ᠎ᠠ᠃ ᠡᠯ᠎ᠡ ᠰᠠᠯᠠᠭ᠎ᠠ ᠮᠥᠴᠢᠷ᠎ᠤᠨ ᠨᠠᠮ᠎ᠤᠨ ᠭᠡᠰᠢᠭᠦᠨ ᠺᠠᠳ᠋ᠷᠴᠤᠳ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠨ᠂ ᠰᠤᠷᠤᠯᠴᠠᠯᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠵᠢᠯᠯᠠᠬᠤ ᠠᠷᠭ᠎ᠠ ᠵᠢᠨ ᠰᠢᠨ᠎ᠡ ᠵᠢ ᠡᠭᠦᠳᠴᠦ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠵᠢᠨ ᠬᠠᠮᠠᠭ᠋ᠠᠯᠠᠯᠲᠠ ᠵᠢᠨ ᠬᠢᠨᠠᠨ ᠬᠠᠮᠢᠶᠠᠷᠤᠯᠲᠠ ᠵᠢᠨ ᠪᠤᠯᠪᠠᠰᠤᠷᠠᠯ᠎ᠤᠨ ᠬᠤᠷᠠᠯ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 10 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ  ᠪᠦᠲᠦᠮᠵᠢ ᠵᠢᠨ ᠲᠤᠬᠠᠢ ᠵᠢᠨ ᠳᠠᠯᠠᠪᠠᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ
ᠪᠦᠬᠦ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ
 
             蒙ICP备05000248号