ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠡᠯᠰᠡᠬᠦ ᠠᠵᠢᠯᠯᠠᠭ᠎ᠠ᠎ᠳᠤ ᠰᠣᠩᠭᠣᠭᠳᠠᠭᠰᠠᠨ ᠨᠡᠷᠡᠰ᠎ᠢ ᠨᠡᠢᠲᠡᠯᠡᠪᠡ᠂ 《 ᠥᠪᠥᠷ ᠮᠣᠩᠭᠣᠯ᠎ᠤᠨ ᠣᠷᠳᠣᠰ᠎ᠤᠨ ᠬᠥᠪᠴᠢ᠎ᠶᠢᠨ ᠳᠤᠮᠳᠠ ᠬᠣᠢᠲᠤ ᠬᠡᠰᠡᠭ᠎ᠦᠨ ᠰᠢᠨ᠎ᠡ ᠡᠨᠧᠷᠭᠢ᠎ᠶᠢᠨ ᠰᠠᠭᠤᠷᠢᠨ ᠭᠠᠵᠠᠷ᠎ᠤᠨ ᠬᠣᠰᠢᠭᠤᠴᠢ ᠢᠨᠵᠧᠨᠧᠷᠢᠩ᠎ᠦᠨ ᠬᠡᠷᠡᠯ ᠸᠣᠯᠲ + ᠴᠦᠯᠯᠡᠷᠭᠡᠭᠵᠢᠯ᠎ᠢ ᠵᠠᠰᠠᠬᠤ ᠰᠢᠨ᠎ᠡ ᠲᠥᠰᠥᠯ 》 ᠨᠢ ᠠᠵᠤ ᠠᠬᠤᠢᠯᠠᠯ᠎ᠤᠨ ᠲᠥᠷᠥᠯ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠵᠠᠢ᠃
ᠥᠪᠥᠷ ᠮᠣᠩᠭᠣᠯ᠎ᠤᠨ ᠬᠥᠪᠴᠢ᠎ᠶᠢᠨ ᠡᠯᠡᠰᠦᠨ ᠴᠥᠯ᠎ᠦᠨ ᠣᠷᠳᠣᠰ᠎ᠤᠨ ᠳᠤᠮᠳᠠ ᠬᠣᠢᠲᠤ ᠬᠡᠰᠡᠭ᠎ᠦᠨ ᠰᠢᠨ᠎ᠡ ᠡᠨᠧᠷᠭᠢ᠎ᠶᠢᠨ ᠰᠠᠭᠤᠷᠢᠨ ᠭᠠᠵᠠᠷ᠎ᠤᠨ ᠲᠥᠷᠥᠯ ᠵᠦᠢᠯ᠎ᠳᠦ 1200 ᠲᠦᠮᠡᠨ ᠺᠢᠯᠣᠸᠠᠲ᠎ᠤᠨ ᠰᠢᠨ᠎ᠡ ᠡᠨᠧᠷᠭᠢ᠎ᠶᠢᠨ ᠰᠤᠷᠪᠤᠯᠵᠢ᠎ᠶᠢ ᠪᠥᠬᠥ ᠲᠠᠯ᠎ᠠ᠎ᠪᠠᠷ ᠲᠥᠯᠥᠪᠵᠢᠭᠦᠯᠵᠦ᠂ ᠡᠭᠦᠨ᠎ᠳᠦ ᠬᠡᠷᠡᠯ ᠸᠣᠯᠲ 800 ᠲᠦᠮᠡᠨ ᠺᠢᠯᠣᠸᠠᠲ᠂ ᠰᠠᠯᠬᠢᠨ ᠬᠦᠴᠦᠨ᠎ᠦ ᠴᠠᠬᠢᠯᠭᠠᠨ 400 ᠲᠦᠮᠡᠨ ᠺᠢᠯᠣᠸᠠᠲ᠎ᠢ ᠢᠵᠢ ᠪᠦᠷᠢᠳᠦᠭᠦᠯᠦᠨ ᠥᠭᠡᠷᠡᠴᠢᠯᠡᠵᠦ ᠥᠷᠭᠡᠳᠬᠡᠨ ᠪᠠᠢᠭᠤᠯᠵᠤ᠂ ᠲᠡᠷᠢᠭᠦᠨ᠎ᠦ ᠥᠨᠳᠥᠷ ᠦᠷ᠎ᠡ ᠪᠦᠲᠦᠮᠵᠢᠲᠡᠶ ᠨᠡᠭᠦᠷᠡᠰᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢ 400 ᠲᠦᠮᠡᠨ ᠺᠢᠯᠣᠸᠠᠲ᠎ᠲᠤ ᠬᠦᠷᠭᠡᠵᠦ᠂ 500 ᠲᠦᠮᠡᠨ ᠺᠢᠯᠣᠸᠠᠲ᠎ᠤᠨ ᠡᠨᠧᠷᠭᠢ᠎ᠶᠢᠨ ᠬᠠᠳᠠᠭᠠᠯᠠᠮᠵᠢ᠎ᠶᠢ ᠲᠣᠬᠢᠷᠠᠭᠤᠯᠤᠨ᠎ᠠ᠃ ᠲᠥᠷᠥᠯ ᠵᠦᠢᠯ᠎ᠢ ᠪᠦᠬᠦᠨ᠎ᠢ ᠪᠠᠢᠭᠤᠯᠵᠤ ᠳᠠᠭᠤᠰᠤᠭᠰᠠᠨ᠎ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠣᠷᠣᠨ᠎ᠳᠤ 400 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠵᠦ ᠪᠣᠯᠣᠨ᠎ᠠ᠂ ᠡᠭᠦᠨ᠎ᠳᠦ ᠴᠡᠪᠡᠷ ᠡᠨᠧᠷᠭᠢ᠎ᠶᠢᠨ ᠰᠤᠷᠪᠤᠯᠵᠢ᠎ᠶᠢᠨ 50%᠎ᠠᠴᠠ ᠳᠡᠭᠡᠭᠰᠢᠬᠢ᠎ᠶᠢ ᠡᠵᠡᠯᠡᠵᠦ᠂ ᠪᠠᠷᠢᠮᠵᠢᠶᠠᠲᠤ ᠨᠡᠭᠦᠷᠡᠰᠦ᠎ᠶᠢ ᠪᠠᠷᠤᠭ 600 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠷᠤᠭ 1600 ᠲᠦᠮᠡᠨ ᠲᠣᠨ ᠪᠠᠭᠠᠰᠬᠠᠬᠤ᠎ᠲᠠᠢ ᠲᠡᠩᠴᠡᠨ᠎ᠡ᠃
ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ᠎ᠢ ᠳᠣᠪᠣᠶ᠋ᠢᠯᠭᠠᠬᠤ᠎ᠶᠢᠨ ᠲᠤᠰᠠᠳᠠ᠂ 100 ᠲᠦᠮᠡᠨ ᠺᠢᠯᠣᠸᠠᠲ᠎ᠤᠨ ᠬᠡᠷᠡᠯ ᠸᠣᠯᠲ + ᠴᠦᠯᠯᠡᠷᠭᠡᠭᠵᠢᠯ᠎ᠢ ᠵᠠᠰᠠᠬᠤ ᠬᠣᠰᠢᠭᠤᠴᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠤᠷᠢᠳ᠎ᠢᠶᠠᠷ ᠥᠷᠨᠢᠭᠦᠯᠦᠨ᠎ᠡ᠃ ᠵᠢᠯ ᠪᠦᠷᠢ ᠪᠠᠷᠢᠮᠵᠢᠶᠠᠲᠤ ᠨᠡᠭᠦᠷᠡᠰᠦ᠎ᠶᠢ 60.76 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠷᠤᠭ 166.86 ᠲᠦᠮᠡᠨ ᠲᠣᠨ ᠪᠠᠭᠠᠰᠬᠠᠨ᠎ᠠ᠃ ᠬᠣᠰᠢᠭᠤᠴᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠨᠢ ᠳᠠᠯᠠᠳ ᠬᠣᠰᠢᠭᠤᠨ᠎ᠤ ᠰᠢᠶᠠᠨ᠎ᠤ ᠬᠣᠲᠠ᠎ᠶᠢᠨ ᠪᠠᠷᠠᠭᠤᠨ ᠡᠮᠦᠨ᠎ᠡ ᠲᠠᠯ᠎ᠠ᠎ᠶᠢᠨ 34 ᠺᠢᠯᠣᠮᠧᠲᠷ ᠣᠷᠴᠢᠮ᠎ᠤᠨ ᠭᠠᠵᠠᠷ᠎ᠲᠤ ᠪᠠᠢᠷᠢᠯᠠᠵᠤ᠂ ᠲᠠᠯᠠᠪᠤᠷ᠎ᠤᠨ ᠲᠠᠯᠠᠪᠠᠶ ᠨᠢ ᠪᠠᠷᠤᠭ 3.25 ᠲᠦᠮᠡᠨ ᠮᠦ᠍ ᠪᠠᠢᠵᠤ ᠂ ᠴᠥᠮ ᠬᠠᠭᠠᠰ ᠰᠢᠯᠵᠢᠯᠲᠡ᠎ᠶᠢᠨ ᠴᠢᠨᠠᠷᠲᠠᠢ ᠡᠯᠡᠰᠦᠨ ᠴᠥᠯ ᠪᠣᠯᠣᠨ᠎ᠠ᠂ 《 ᠬᠡᠷᠡᠯ ᠸᠣᠯᠲ + ᠠᠮᠢ ᠠᠬᠤᠢ᠎ᠶᠢᠨ ᠵᠠᠰᠠᠯᠲᠠ 》᠎ᠶᠢᠨ ᠪᠦᠲᠦᠭᠡᠨ ᠪᠠᠢᠭᠤᠯᠤᠯᠲᠠ᠎ᠶᠢᠨ ᠵᠠᠭᠪᠤᠷ᠎ᠢ ᠬᠡᠷᠡᠭᠯᠡᠨ᠂ ᠥᠨᠳᠥᠷ ᠪᠦᠲᠦᠮᠵᠢᠲᠡᠶ᠂ ᠠᠮᠢ ᠠᠬᠤᠢ᠎ᠶᠢᠨ᠂ ᠡᠷᠭᠢᠯᠲᠡ᠎ᠪᠡᠷ ᠤᠷᠢᠲᠠᠯ ᠪᠣᠯᠭᠠᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠲᠣᠷ᠎ᠠ᠂ ᠬᠠᠪᠲᠠᠰᠤᠨ ᠳᠣᠣᠷ᠎ᠠ ᠨᠢ ᠣᠨᠴᠠᠯᠢᠭ᠍ᠲᠤ ᠠᠮᠢ ᠠᠬᠤᠢ᠎ᠶᠢ ᠰᠡᠷᠭᠦᠭᠡᠬᠦ᠂ ᠠᠵᠤ ᠠᠬᠤᠢ᠎ᠶᠢᠨ ᠲᠠᠷᠢᠮᠠᠯ ᠂ ᠣᠢᠵᠢᠭᠤᠯᠵᠤ ᠨᠣᠭᠣᠭᠠᠷᠠᠭᠤᠯᠬᠤ ᠪᠠ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠨᠢᠭᠡᠳᠦᠯᠲᠡᠢ ᠲᠥᠯᠥᠪᠯᠡᠨ ᠨᠡᠶ᠋ᠢᠲᠡ ᠳ᠋ᠦ᠍ᠨᠢ ᠬᠠᠷᠠᠭᠠᠯᠵᠠᠵᠤ᠂ 《 ᠭᠤᠷᠪᠠᠨ ᠱᠠᠲᠤ᠎ᠪᠠᠷ ᠰᠡᠷᠭᠡᠢᠯᠡᠨ ᠬᠠᠮᠠᠭᠠᠯᠠᠬᠤ 》 《 ᠨᠢᠭᠡ ᠭᠠᠵᠠᠷ᠎ᠲᠤ ᠣᠯᠠᠨ ᠬᠡᠷᠡᠭᠴᠡᠭᠡᠲᠦ 》 ᠪᠣᠰᠣᠭ᠎ᠠ ᠴᠣᠭᠴᠠᠲᠤ ᠠᠮᠢ ᠠᠬᠤᠢ᠎ᠶᠢ ᠰᠡᠷᠭᠦᠭᠡᠬᠦ ᠵᠠᠭᠪᠤᠷ᠎ᠢ ᠪᠣᠶ ᠪᠣᠯᠭᠠᠨ᠎ᠠ᠃
2024 ᠣᠨ᠎ᠳᠤ᠂ 100%᠎ᠶᠢᠨ ᠢᠨᠵᠧᠨᠧᠷᠢᠩ᠎ᠦᠨ ᠡᠯᠡᠰᠦ᠎ᠶᠢ ᠲᠣᠭᠲᠠᠪᠤᠷᠢᠵᠢᠭᠤᠯᠬᠤ ᠪᠠ ᠤᠰᠤᠯᠠᠯᠲᠠ᠎ᠶᠢᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂ ᠨᠢᠰᠬᠡᠯ᠎ᠢᠶᠡᠷ ᠲᠠᠷᠢᠭ᠍ᠰᠠᠨ ᠡᠪᠡᠰᠦᠨ᠎ᠦ ᠦᠷ᠎ᠡ ᠨᠠᠬᠢᠶᠠᠯᠠᠨ ᠤᠷᠭᠤᠵᠤ ᠂ ᠤᠯᠢᠶᠠᠰᠤᠨ ᠲᠦᠯᠡᠭᠡ᠂ ᠨᠢᠮᠪᠡᠭᠡ᠎ᠲᠦ᠂ ᠡᠯᠡᠰᠦᠨ ᠪᠤᠷᠭᠠᠰᠤ᠂ ᠳᠥᠷᠪᠡᠨ ᠳᠠᠯᠠᠪᠴᠢᠲᠤ ᠨᠣᠢᠯ᠂ ᠴᠢᠴᠠᠷᠭᠠᠨ᠎ᠠ ᠵᠡᠷᠭᠡ ᠤᠷᠭᠤᠮᠠᠯ᠎ᠢ ᠦᠨᠳᠦᠰᠦ ᠬᠠᠳᠬᠤᠨ ᠵᠡᠯᠡᠯᠡᠵᠦ᠂ ᠯᠠᠩᠭᠤᠸᠠ᠂ ᠲᠥᠮᠥᠰᠥ᠂ ᠲᠥᠪᠡᠳ ᠬᠠᠰᠢ ᠵᠡᠷᠭᠡ ᠠᠵᠤ ᠠᠬᠤᠢ᠎ᠶᠢᠨ ᠲᠠᠷᠢᠮᠠᠯ᠎ᠢ ᠲᠤᠷᠰᠢᠨ ᠳᠠᠷᠢᠵᠤ ᠂ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢᠨ ᠨᠣᠷᠮ᠎ᠠ ᠨᠢ 5% ᠬᠦᠷᠬᠦ ᠦᠭᠡᠢ ᠪᠠᠢᠭᠰᠠᠨ᠎ᠠᠴᠠ᠎ᠪᠠᠨ 15% ᠪᠣᠯᠵᠤ ᠳᠡᠭᠡᠭᠰᠢᠯᠡᠪᠡ᠃ 2024 ᠣᠨ᠎ᠠᠴᠠ 2026 ᠣᠨ ᠪᠣᠯᠲᠠᠯᠠᠬᠢ ᠭᠤᠷᠪᠠᠨ ᠵᠢᠯ᠎ᠦᠨ ᠬᠡᠷᠡᠯ ᠴᠡᠨᠡᠭ᠎ᠢᠶᠡᠷ ᠡᠯᠡᠰᠦ᠎ᠶᠢ ᠵᠠᠰᠠᠬᠤ ᠠᠮᠢ ᠠᠬᠤᠢ᠎ᠶᠢᠨ ᠶᠡᠷᠦᠩᠬᠡᠢᠯᠡᠭᠰᠡᠨ ᠵᠠᠰᠠᠯᠲᠠ᠎ᠪᠠᠷ ᠳᠡᠮᠵᠢᠨ᠂ ᠬᠠᠪᠲᠠᠰᠤᠨ ᠳᠣᠣᠷᠠᠬᠢ/ᠬᠠᠪᠲᠠᠰᠤᠨ ᠬᠣᠭᠣᠷᠣᠨᠳᠣᠬᠢ ᠣᠶ ᠡᠪᠡᠰᠦᠨ᠎ᠦ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢᠨ ᠨᠣᠷᠮ᠎ᠠ᠎ᠶᠢ 50%᠎ᠠᠴᠠ ᠳᠡᠭᠡᠭᠰᠢ᠎ᠳᠦ ᠬᠦᠷᠭᠡᠬᠦ ᠪᠣᠯᠣᠮᠵᠢ᠎ᠲᠠᠢ ᠪᠠᠢᠨ᠎ᠠ᠃ ᠡᠨᠡ ᠬᠦ᠌ ᠰᠢᠨ᠎ᠡ᠎ᠶᠢ ᠡᠭᠦᠳᠬᠦ ᠦᠢᠯᠡᠳᠦᠯᠭᠡ ᠨᠢ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠲᠤᠬᠠᠢ᠎ᠶᠢᠨ ᠭᠠᠵᠠᠷ᠎ᠤᠨ ᠰᠠᠭᠤᠭᠠᠯᠢ ᠠᠷᠠᠳ᠎ᠲᠤ ᠦᠨᠡᠨ ᠪᠣᠳᠠᠲᠠᠢ ᠠᠵᠤ ᠠᠬᠤᠢ᠎ᠶᠢᠨ ᠠᠰᠢᠭ᠋ ᠣᠷᠣᠯᠭ᠎ᠠ ᠣᠯᠭᠣᠵᠤ᠂ ᠠᠮᠢ ᠠᠬᠤᠢ᠂ ᠠᠵᠤ ᠠᠬᠤᠢ ᠬᠢᠭᠡᠳ ᠨᠡᠢᠭᠡᠮ᠎ᠦᠨ ᠦᠷ᠎ᠡ ᠠᠰᠢᠭ᠋᠎ᠤᠨ ᠣᠷᠭᠠᠨᠢᠭ᠋ ᠨᠢᠭᠡᠳᠦᠯ᠎ᠢ ᠪᠡᠶᠡᠯᠡᠭᠦᠯᠦᠭᠰᠡᠨ ᠪᠠᠢᠨ᠎ᠠ᠃